ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ ᠢᠷᠠᠭᠤ ᠨᠠᠶᠢᠷᠠᠭ ᠤᠨ ᠤᠭ ᠪᠦᠳᠦᠭᠡᠯ ᠤᠨ ᠤᠷᠠᠨ ᠤᠩᠰᠢᠯᠭ᠎ᠠ ᠶᠢᠨ ᠬᠤᠷᠠᠯ ᠬᠦᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2019/10/11
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠠᠭᠤᠯᠠ︶ ᠣᠶᠢᠷ᠎ᠠ  ᠶᠢᠨ ᠡᠳᠦᠷ᠂ ︽ᠤᠭ ᠰᠠᠨᠠᠭ᠎ᠠ ᠪᠠᠨ ᠪᠠᠳᠤ ᠰᠠᠬᠢᠵᠤ ᠡᠭᠦᠷᠬᠡ ᠬᠠᠷᠢᠭᠤᠴᠠᠯᠭ᠎ᠠ ᠪᠠᠨ ᠰᠠᠶᠢᠳᠤᠷ ᠡᠭᠦᠷᠭᠡᠯᠡᠨ ᠤᠯᠤᠰ ᠤᠨ ᠪᠠᠶᠠᠷ ᠢ ᠤᠭᠳᠤᠨᠠᠮ︾ — ᠦᠪᠡᠷᠳᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠲᠤᠬᠠᠢ ᠢᠷᠠᠭᠤ ᠨᠠᠶᠢᠷᠠᠭ ᠤᠨ ᠤᠭ ᠪᠦᠳᠦᠭᠡᠯ ᠤᠨ ᠤᠷᠠᠨ ᠤᠩᠰᠢᠯᠭ᠎ᠠ ᠶᠢᠨ ᠬᠤᠷᠠᠯ ᠦᠪᠡᠷᠳᠡᠭᠡᠨ ᠵᠠᠰᠠᠬᠤ ᠣᠷᠣᠨ ᠤ ᠠᠮᠢ ᠠᠬᠤᠢ ᠤᠷᠴᠢᠨ ᠲᠣᠭᠤᠷᠢᠨ ᠤ ᠲᠢᠩᠬᠢᠮ ᠳᠤ ᠶᠠᠪᠤᠭᠳᠠᠪᠠ᠃      ᠬᠤᠷᠠᠯ ᠤᠨ ᠠᠬᠤᠢ ᠲᠠᠯᠠᠪᠠᠢ ᠳᠤ ︽ᠲᠤᠮᠳᠠᠳᠤ ᠤᠯᠤᠰ ᠢᠶᠠᠨ ᠤᠩᠰᠢᠶ᠎ᠠ︾᠂ ︽ᠡᠬᠡ ᠤᠯᠤᠰ ᠢᠶᠠᠨ ᠵᠦᠡᠭᠨᠡᠨ ᠢᠷᠦᠭᠡᠶ᠎ᠡ︾ ᠵᠡᠷᠭᠡ ᠠᠮᠢ ᠠᠬᠤᠢ ᠶᠢᠨ ᠪᠣᠯᠪᠠᠰᠤᠨ ᠤ ᠲᠤᠬᠠᠢ ᠠᠭᠤᠯᠭ᠎ᠠ ᠪᠦᠬᠦᠢ ᠢᠷᠠᠭᠤ ᠨᠠᠶᠢᠷᠠᠭ ᠤᠨ ᠤᠷᠠᠨ ᠤᠩᠰᠢᠯᠭ᠎ᠠ ᠪᠠ ᠠᠶ᠎ᠠ ᠲᠠᠭᠤᠤ ᠶᠢᠨ ᠲᠤᠭᠯᠠᠯᠲᠠ ᠭᠠᠷᠭᠠᠭᠰᠠᠨ ᠪᠦᠭᠡᠳ ᠦᠪᠡᠷᠳᠡᠭᠡᠨ ᠵᠠᠰᠠᠬᠤ ᠤᠷᠤᠨ ᠢᠶᠠᠨ ᠲᠦᠯᠦᠭᠡᠯᠡᠨ ᠲᠤᠮᠳᠠᠳᠤ ᠤᠯᠤᠰ ᠤᠨ ᠠᠮᠢ ᠠᠬᠤᠢ ᠤᠷᠴᠢᠨ ᠲᠣᠭᠤᠷᠢᠨ ᠤ ᠶᠠᠮᠤᠨ ᠠᠴᠠ ᠡᠷᠬᠢᠯᠡᠨ ᠶᠠᠪᠤᠭᠳᠠᠭᠤᠯᠤᠭᠰᠠᠨ ︽ᠦᠵᠡᠰᠭᠦᠯᠡᠩᠲᠦ ᠰᠠᠶᠢᠬᠠᠨ ᠲᠤᠮᠳᠠᠳᠤ ᠤᠯᠤᠰ᠂ ᠪᠢ ᠪᠤᠯ ᠦᠢᠯᠡᠳᠦᠯᠭᠡᠵᠢᠭᠦᠯᠦᠭᠴᠢ︾ 2019 ᠣᠨ ᠤ ᠠᠩᠬᠠᠳᠠᠭᠴᠢ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠬᠠᠢ ᠢᠷᠠᠭᠤ ᠨᠠᠶᠢᠷᠠᠭ ᠤᠨ ᠤᠭ ᠪᠦᠳᠦᠭᠡᠯ ᠤᠨ ᠤᠷᠠᠨ ᠤᠩᠰᠢᠯᠭ᠎ᠠ ᠶᠢᠨ ᠤᠷᠤᠯᠳᠤᠭᠠᠨ ᠳᠤ ᠤᠷᠤᠯᠴᠠᠨ ᠱᠠᠩᠨᠠᠯ ᠤᠯᠤᠭᠰᠠᠳ ᠢᠶᠠᠨ ᠱᠠᠩᠨᠠᠵᠤ ᠬᠦᠬᠢᠭᠦᠯᠦᠭᠰᠡᠨ ᠪᠠᠶᠢᠨ᠎ᠠ᠃      ᠦᠪᠡᠷᠳᠡᠭᠡᠨ ᠵᠠᠰᠠᠬᠤ ᠣᠷᠣᠨ ᠤ ᠠᠮᠢ ᠠᠬᠤᠢ ᠤᠷᠴᠢᠨ ᠲᠣᠭᠤᠷᠢᠨ ᠤ ᠲᠢᠩᠬᠢᠮ ᠠᠴᠠ ᠵᠤᠬᠢᠶᠠᠨ ᠪᠠᠶᠢᠭᠤᠯᠤᠭᠰᠠᠨ ᠲᠤᠰ ᠤᠳᠠᠭᠠᠨ ᠤ ᠠᠵᠢᠯᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭᠠ ᠪᠠᠨ ᠪᠠᠳᠤ ᠴᠡᠭᠡᠵᠢᠯᠡᠶ᠎ᠡ︾ ᠭᠤᠤᠯ ᠰᠡᠳᠦᠪᠳᠦ ᠬᠦᠮᠦᠵᠢᠯ ᠤᠨ ᠦᠷ᠎ᠡ ᠪᠦᠳᠦᠭᠡᠯ ᠢ ᠪᠠᠳᠤᠳᠬᠠᠨ ᠭᠦᠨᠵᠡᠭᠡᠶᠢᠷᠡᠭᠦᠯᠵᠦ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ  ᠠᠮᠢ ᠠᠬᠤᠢ ᠶᠢᠨ ᠰᠣᠶᠣᠯ ᠢ  ᠠᠭᠤᠳᠠᠯᠤᠨ᠂ ᠪᠤᠬᠢᠷᠳᠤᠯ ᠢ ᠰᠡᠷᠭᠡᠶᠢᠯᠡᠨ ᠵᠠᠰᠠᠬᠤ ᠳᠠᠶᠢᠯᠠᠯᠳᠤᠭᠠᠨ ᠢ ᠰᠠᠶᠢᠳᠤᠷ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠥᠪ ᠡᠨᠧᠷᠭᠢ ᠶᠢ ᠬᠤᠷᠠᠮᠳᠤᠭᠤᠯᠬᠤ ᠳᠤ ᠭᠦᠨ ᠵᠤᠵᠠᠭᠠᠨ ᠰᠤᠶᠤᠯ ᠤᠨ ᠣᠷᠴᠢᠨ ᠢ ᠪᠦᠷᠢᠯᠳᠦᠭᠦᠯᠵᠦ ᠥᠭᠬᠦ ᠶᠢ ᠵᠣᠷᠢᠭᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ