ᠳᠤᠯᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠠᠨ ᠪᠢᠴᠢᠯᠭᠡ ᠲᠠᠮᠠᠭ᠎ᠠ ᠰᠡᠶᠢᠯᠦᠮᠡᠯ ‍ᠦᠨ‌ᠦᠵᠡᠭᠦᠯᠭᠡ ᠬᠦᠬᠡᠬᠤᠳᠠ ᠳᠤ ᠡᠬᠢᠯᠡᠵᠡᠢ
ᠨᠡᠶᠢᠲᠡᠯᠡᠭᠰᠡᠨ ᠴᠠᠭ᠄
2019/10/11
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠠᠢ ᠰᠧ ᠶᠤᠸᠠᠨ︶ 10 ᠰᠠᠷ᠎ᠠ ᠶᠢᠨ 10 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠣᠷᠣᠨ ᠤ ᠤᠳᠬ᠎ᠠ ᠤᠷᠠᠯᠢᠭ ᠶᠢᠨ ᠬᠢᠨ ᠤ ᠬᠤᠯᠪᠣᠭ᠎ᠠ ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠳᠤᠯᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠦᠵᠡᠭᠦᠯᠭᠡ ᠦᠪᠦᠷ ᠮᠤᠩᠭᠤᠯ ᠤᠨ ᠤᠷᠠᠨ ᠵᠢᠷᠤᠭ ᠤᠨ ᠤᠷᠳᠤᠨ ᠳᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠵᠥᠩ ᠾᠧ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃      ᠲᠤᠰ ᠤᠳᠠᠭ᠎ᠠ ᠶᠢᠨ ᠦᠵᠡᠭᠦᠯᠭᠡ ᠪᠤᠯ ᠣᠳᠣᠬᠠᠨ ᠤ ᠦᠪᠡᠷᠳᠡᠭᠡᠨ ᠵᠠᠰᠠᠬᠤ ᠣᠷᠣᠨ ᠤ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠤᠷᠠᠯᠢᠭ ᠤᠨ ᠠᠵᠢᠯᠳᠠᠳ ᠤᠨ ᠭᠤᠸ᠎ᠠ ᠰᠠᠶᠢᠬᠠᠨ ᠤ ᠬᠦᠭᠡᠭᠡᠴᠡᠯᠳᠦᠯ ᠪᠤᠯᠤᠨ ᠦᠷ᠎ᠡ ᠪᠦᠲᠦᠭᠡᠯ ᠤᠨ ᠲᠦᠪᠯᠡᠷᠡᠩᠭᠦᠢ ᠦᠵᠡᠭᠦᠯᠭᠡ ᠪᠣᠯᠣᠨ᠎ᠠ᠂ ᠮᠥᠨ ᠴᠦ ᠮᠠᠨ ᠤ ᠣᠷᠣᠨ ᠤ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠤᠷᠠᠯᠢᠭ ᠤᠨ ᠦᠷᠨᠢᠭᠦᠨ ᠬᠦᠭᠵᠢᠯᠳᠡ ᠶᠢ ᠬᠠᠷᠠᠭᠤᠯᠤᠭᠰᠠᠨ ᠪᠤᠳᠠᠳᠦ ᠵᠢᠷᠤᠭᠯᠠᠯ ᠪᠣᠯᠣᠨ᠎ᠠ᠃ ᠦᠵᠡᠭᠦᠯᠭᠡ ᠳᠤ ᠳᠡᠯᠭᠡᠨ ᠦᠵᠡᠭᠦᠯᠦᠭᠰᠡᠨ 240 ᠮᠤᠩᠭᠤᠯ ᠬᠢᠳᠠᠳ ᠤᠷᠠᠨ ᠪᠢᠴᠢᠯᠭᠡ᠂ ᠲᠠᠮᠠᠭ᠎ᠠ ᠰᠡᠶᠢᠯᠦᠮᠡᠯ᠂ ᠦᠰᠦᠭ ᠰᠡᠶᠢᠯᠦᠮᠡᠯ ᠤᠨ ᠪᠦᠲᠦᠭᠡᠯ ᠨᠢ ᠪᠦᠬᠦ ᠣᠷᠣᠨ ᠤ ᠬᠤᠶᠠᠷ ᠮᠢᠩᠭ᠎ᠠ ᠭᠠᠷᠤᠢ ᠪᠦᠲᠦᠭᠡᠯ ᠠᠴᠠ ᠰᠤᠩᠭᠤᠨ ᠰᠢᠯᠭᠠᠷᠠᠭᠤᠯᠤᠭᠰᠠᠨ ᠶᠤᠮ᠃ ᠡᠳᠡᠭᠡᠷ ᠪᠦᠲᠦᠭᠡᠯ ᠤᠳ ᠢ ᠵᠣᠬᠢᠶᠠᠨ ᠪᠦᠲᠦᠭᠡᠭᠰᠡᠨ ᠤᠷ᠎ᠠ ᠮᠡᠷᠭᠡᠰᠢᠯ ᠨᠢ ᠣᠯᠠᠨ ᠬᠡᠯᠪᠡᠷᠢ ᠮᠠᠶ᠋ᠢᠭ ᠲᠠᠢ  ᠮᠥᠷᠲᠡᠭᠡᠨ ᠲᠥᠷᠥᠯ ᠵᠦᠢᠯ ᠨᠢ ᠥᠷᠭᠡᠨ ᠳᠡᠯᠭᠡᠷ ᠪᠠᠶᠢᠵᠤ᠂ ᠴᠠᠭ ᠦᠶ᠎ᠡ  ᠪᠤᠯᠤᠨ ᠠᠷᠠᠳ ᠲᠦᠮᠡᠨ ᠢᠶᠠᠷ ᠰᠡᠳᠦᠪᠯᠡᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢᠬᠢ ᠠᠵᠤ ᠠᠬᠤᠢ ᠶᠢᠨ ᠬᠦᠭᠵᠢᠯᠳᠡ᠂ ᠦᠨᠳᠦᠰᠦᠲᠡᠨ ᠤ ᠪᠦᠯᠬᠦᠮᠳᠡᠯ᠂ ᠠᠮᠢ ᠠᠬᠤᠢ ᠶᠢᠨ ᠪᠤᠯᠪᠠᠰᠤᠨ ᠵᠡᠷᠭᠡ ᠬᠦᠷᠢᠶᠡᠨ ᠤ ᠠᠮᠵᠢᠯᠳᠠ ᠶᠢ ᠤᠷᠠᠯᠢᠭᠴᠢ ᠴᠢᠨᠠᠷᠲᠠᠢ ᠢᠯᠡᠷᠡᠭᠦᠯᠪᠡ᠃      ᠤᠢᠢᠯᠠᠭᠠᠭᠰᠠᠨ ᠢᠶᠠᠷ᠂ ᠦᠪᠦᠷ ᠮᠤᠩᠭᠤᠯ ᠤᠨ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠦᠵᠡᠭᠦᠯᠭᠡ ᠪᠤᠯ ᠦᠪᠡᠷᠳᠡᠭᠡᠨ ᠵᠠᠰᠠᠬᠤ ᠤᠷᠤᠨ ᠤ ᠬᠠᠮᠤᠭ  ᠤᠨ ᠤᠳᠠᠭᠠᠨ ᠲᠡᠤᠬᠡ  ᠲᠠᠢ᠂ ᠬᠠᠮᠤᠭ ᠤᠨ ᠶᠡᠭᠡ ᠬᠡᠪᠴᠢᠶ᠎ᠡ ᠲᠠᠢ᠂ ᠬᠠᠮᠤᠭ ᠤᠨ ᠦᠨᠳᠦᠷ ᠲᠦᠪᠰᠢᠨ ᠲᠠᠢ᠂ ᠦᠷᠭᠡᠨ ᠳᠡᠯᠭᠡᠷ ᠨᠦᠯᠦᠭᠡᠯᠡᠬᠦ ᠬᠦᠴᠦᠨ ᠪᠤᠯᠤᠨ ᠡᠷᠬᠡ ᠰᠦᠷᠳᠤ ᠴᠢᠨᠠᠷᠳᠠᠢ ᠶᠡᠷᠦᠩᠬᠡᠶᠢᠯᠡᠭᠰᠡᠨ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠦᠵᠡᠭᠦᠯᠭᠡ ᠪᠣᠯᠣᠨ᠎ᠠ᠃ ᠲᠤᠰ ᠬᠤᠭᠤᠴᠠᠭᠠᠨ ᠤ ᠦᠵᠡᠭᠦᠯᠭᠡ ᠨᠢ 10 ᠰᠠᠷ᠎ᠠ ᠶᠢᠨ 20 ᠤ ᠡᠳᠦᠷ ᠪᠣᠯᠲᠠᠯ᠎ᠠ ᠶᠠᠪᠤᠭᠳᠠᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ