ᠡᠮᠦᠨᠡᠲᠦ ᠣᠷᠣᠨ ᠤ ᠪᠠᠨᠠᠨᠠ ᠶᠢ ᠤᠮᠠᠷᠠᠲᠤ ᠣᠷᠣᠨ ᠳᠤ ᠲᠠᠷᠢᠵᠤ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2019-10-12
     ᠪᠠᠨᠠᠨᠠ ᠶᠢᠨ ᠮᠣᠳᠣ ᠶᠡᠷᠦ ᠳᠡᠭᠡᠨ ᠪᠦᠷ ᠡᠮᠦᠨᠡᠲᠦ ᠣᠷᠣᠨ ᠤ ᠬᠠᠯᠠᠭᠤᠨ ᠪᠦᠰᠡ ᠶᠢᠨ ᠭᠠᠵᠠᠷ ᠣᠷᠣᠨ ᠢᠶᠠᠷ ᠤᠷᠭᠤᠳᠠᠭ᠂ ᠣᠳᠣ ᠬᠠᠷᠢᠨ ᠬᠦᠯᠡᠮᠵᠢ ᠳᠤ ᠲᠠᠷᠢᠵᠤ ᠪᠤᠶᠢᠵᠢᠭᠤᠯᠬᠤ ᠮᠡᠷᠭᠡᠵᠢᠯ ᠢ ᠲᠦᠰᠢᠭᠯᠡᠨ᠂ ᠪᠠᠨᠠᠨᠠ ᠶᠢᠨ ᠮᠣᠳᠣ ᠶᠢ ᠬᠥᠬᠡᠬᠤᠲᠠ ᠳᠤ ᠨᠡᠭᠦᠯᠭᠡᠨ ᠲᠠᠷᠢᠵᠤ᠂ ᠡᠮᠦᠨᠡᠲᠦ ᠣᠷᠣᠨ ᠤ ᠪᠠᠨᠠᠨᠠ ᠶᠢ ᠤᠮᠠᠷᠠᠲᠤ ᠣᠷᠣᠨ ᠳᠤ ᠲᠠᠷᠢᠵᠤ ᠠᠮᠵᠢᠯᠲᠠ ᠣᠯᠪᠠ᠃ ᠥᠴᠥᠭᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠠᠶᠢᠬᠠᠨ ᠲᠣᠭᠤᠷᠢᠭ ᠤᠨ ᠭᠧᠨ ᠪᠦᠦ ᠲᠣᠰᠬᠤᠨ ᠤ ᠬᠤᠶᠠᠷ ᠬᠦᠯᠡᠮᠵᠢ ᠳᠤ᠂ ᠲᠣᠮᠣ ᠶᠡᠭᠡ ᠨᠣᠭᠤᠭᠠᠨ ᠪᠠᠨᠠᠨᠠ ᠶᠢᠨ ᠨᠠᠪᠴᠢ ᠬᠦᠯᠡᠮᠵᠢ ᠶᠢᠨ ᠳᠡᠭᠡᠪᠦᠷ ᠢ ᠬᠠᠯᠬᠠᠯᠠᠭᠰᠠᠨ ᠢ ᠣᠯᠵᠤ ᠬᠠᠷᠠᠪᠠ᠂ ᠠᠶᠠᠭᠠᠨ ᠠᠮᠠᠰᠠᠷ ᠤᠨ ᠬᠢᠷᠢ ᠪᠦᠳᠦᠭᠦᠨ ᠰᠠᠯᠠᠭ᠎ᠠ ᠨᠠᠮᠠᠭ᠎ᠠ ᠳᠡᠭᠡᠷ᠎ᠡ ᠬᠡᠯᠬᠢᠶ᠎ᠡ ᠬᠡᠯᠬᠢᠶ᠎ᠡ ᠨᠣᠭᠤᠭᠠᠨ ᠪᠠᠨᠠᠨᠠ ᠰᠠᠭᠤᠵᠤ᠂ ᠨᠢᠭᠡ ᠬᠡᠯᠬᠢᠶ᠎ᠡ ᠨᠢ 1 ᠮᠧᠲᠷ ᠢᠯᠡᠭᠦᠦ ᠤᠷᠲᠤ᠂ ᠭᠤᠴᠢ ᠳᠥᠴᠢᠨ ᠺᠢᠯᠣᠭ᠍ᠷᠠᠮ ᠠᠴᠠ ᠯᠠ ᠬᠦᠨᠳᠦ ᠪᠠᠶᠢᠬ᠎ᠠ᠃ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠲᠥᠯᠥᠭᠡᠯᠡᠭᠴᠢ ᠵᠠᠩ ᠫᠧᠶ ᠳ᠋ᠦᠩ᠂ ᠪᠠᠨᠠᠨᠠ ᠤᠯᠠᠮ ᠤᠯᠠᠮ ᠢᠶᠠᠷ ᠠᠮᠲᠠ ᠣᠷᠣᠵᠤ ᠪᠠᠶᠢᠨ᠎ᠠ᠂ ᠡᠭᠦᠨ ᠠᠴᠠ ᠬᠤᠶᠢᠰᠢ᠂ ᠣᠷᠣᠨ ᠤ ᠲᠥᠪ ᠬᠤᠲᠠ ᠶᠢᠨ ᠠᠷᠠᠳ ᠭᠡᠷ ᠤᠨ ᠢᠶᠠᠨ ᠡᠭᠦᠳᠡᠨ ᠳᠡᠭᠡᠷ᠎ᠡ ᠰᠠᠶ᠋ᠢ ᠲᠡᠭᠦᠭᠰᠡᠨ ᠪᠠᠨᠠᠨᠠ ᠶᠢ ᠠᠮᠲᠠᠯᠠᠬᠤ ᠪᠣᠯᠤᠨ᠎ᠠ ᠭᠡᠵᠦ ᠬᠡᠯᠡᠪᠡ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠤᠢ ᠲᠢᠩ ᠰᠡᠭᠦᠳᠡᠷᠯᠡᠵᠦ ᠮᠡᠳᠡᠭᠡᠯᠡᠪᠡ  
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号