ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠥᠷᠭᠡᠨ ᠳᠠᠳᠤᠯᠭ᠎ᠠ ᠶᠢᠨ | ᠰᠤᠷᠤᠬᠴᠢ ᠲᠡᠷᠭᠡᠯ ᠴᠠᠶᠢᠯᠭᠠᠨ︶ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠥᠢᠯᠠᠭᠠᠬᠰᠠᠨ ᠢᠶᠠᠷ᠂ | ᠣᠶᠢᠷ᠎ᠠ ᠶᠢᠨ ᠵᠢᠯ ᠳᠤ ᠬᠥᠬᠡᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠯᠪᠤᠬᠳᠠᠯ ᠪᠦᠬᠦᠢ ᠰᠠᠯᠠᠭ᠎ᠠ | ᠮᠥᠴᠢᠷ ᠪᠡᠶ᠎ᠡ ᠶᠢᠨ ᠲᠠᠮᠢᠷ ᠤᠨ ᠰᠠᠭᠤᠷᠢ ᠲᠤᠨᠤᠬ ᠲᠥᠬᠦᠬᠡᠷᠥᠮᠵᠢ ᠶᠢᠨ ᠪᠥᠳᠥᠭᠡᠨ ᠪᠠᠶᠢᠭᠤᠯᠤᠯᠲᠠ ᠶᠢ | ᠴᠢᠩᠭᠠᠳᠬᠠᠵᠥ᠂ ᠪᠥᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯᠯᠠᠭ᠎ᠠ ᠶᠢ ᠢᠳᠡᠪᠬᠢᠳᠠᠢ ᠥᠷᠨᠢᠭᠦᠯᠦᠭᠰᠡᠨ ᠢᠶᠠᠷ | ᠂ ᠪᠦᠬᠦ ᠬᠤᠳᠠ ᠳᠤ ᠤᠳᠤᠬᠠᠨ ᠳᠤ ᠡᠯ᠎ᠡ ᠱᠠᠲᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠤᠭᠤᠳᠤᠭᠴᠢ | 7000 ᠭᠠᠷᠤᠢ ᠪᠤᠯᠵᠠᠢ᠃ | ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠬᠡᠨ ᠲᠡᠯᠬᠡᠷ ᠦᠷᠨᠢᠭᠦᠯᠥᠭᠰᠡᠨ ᠢᠶᠠᠷ | ᠤᠳᠤᠬᠠᠨ ᠪᠣᠯᠲᠠᠯ᠎ᠠ ᠪᠦᠬᠦ ᠬᠤᠲᠠ ᠶᠢᠨ 302 ᠨᠡᠶᠢᠭᠡᠮ ᠲᠤᠭᠤᠷᠢᠭ᠂ 965 ᠵᠠᠰᠠᠭ ᠵᠠᠬᠢᠷᠭᠠᠨ ᠤ ᠲᠤᠰᠬᠤᠨ ︽ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠢᠭᠠᠨ ᠵᠢᠯᠥᠭᠤᠳᠬᠤ ᠦᠷᠳᠡᠭᠡ︾ ᠲᠠᠢ ᠪᠤᠯᠵᠠᠢ᠃ ᠪᠦᠷᠢᠳᠭᠡᠯ ᠢ | ᠦᠨᠳᠤᠰᠤᠯᠡᠪᠡᠯ᠂ 2018 ᠣᠨ ᠳᠤ ᠪᠦᠬᠦ ᠬᠤᠲᠠ ᠶᠢᠨ 140 ᠭᠠᠷᠤᠢ ᠲᠥᠮᠡᠨ ᠬᠦᠮᠤᠨ ᠤᠳᠠᠭ᠎ᠠ ᠡᠯ᠎ᠡ ᠲᠦᠷᠤᠯ | ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠵᠠᠢ︔ ᠪᠦᠬᠦ ᠬᠤᠲᠠ ᠶᠢᠨ ᠪᠡᠶ᠎ᠡ ᠶᠢᠨ ᠲᠠᠮᠢᠷ ᠤᠨ ᠨᠡᠶᠢᠭᠡᠮᠯᠢᠭ | ᠪᠠ ᠺᠯᠦ᠋ᠪ ᠤᠨ ᠲᠤᠭ᠎ᠠ ᠲᠤᠰ ᠲᠤᠰ 65 ᠪᠠ 119 ᠪᠤᠯᠤᠨ ᠬᠥᠭᠵᠢᠪᠠ︔ ᠲᠤᠤᠷ ᠪᠦᠮᠪᠦᠭᠡ ᠶᠢᠨ ᠨᠡᠶᠢᠭᠡᠮᠯᠢᠭ᠂ | ᠥᠳᠤᠨ ᠪᠥᠮᠪᠦᠭᠡ ᠶᠢᠨ ᠨᠡᠶᠢᠭᠡᠮᠯᠢᠭ ᠵᠡᠷᠭᠡ ᠨᠢᠭᠡ ᠪᠦᠯᠥᠭ ᠰᠢᠯᠢᠳᠡᠭ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠨᠡᠶᠢᠭᠡᠮᠯᠢᠭ ᠪᠠ ᠺᠯᠦ᠋ᠪ ᠤᠳ ᠬᠦᠳᠤᠯᠤᠨ ᠲᠠᠭᠠᠭᠤᠯᠬᠤ ᠤᠢᠢᠯᠠᠳᠤᠯ ᠢᠶᠠᠨ ᠬᠥᠢᠴᠡᠳ ᠪᠠᠳᠠᠷᠠᠭᠤᠯᠵᠥ᠂ ᠪᠦᠬᠦ | ᠬᠤᠲᠠ ᠶᠢᠨ ᠤᠯᠠᠨ ᠲᠦᠮᠡᠨᠴᠢ ᠴᠢᠨᠠᠷ ᠲᠠᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠢ 1000 | ᠭᠠᠷᠤᠢ ᠤᠳᠠᠭ᠎ᠠ ᠵᠤᠬᠢᠶᠠᠨ ᠪᠠᠶᠢᠭᠤᠯᠤᠨ ᠥᠷᠨᠢᠬᠦᠯᠵᠥ᠂ ᠠᠭᠤᠯᠠ ᠠᠪᠠᠷᠢᠬᠤ᠂ ᠶᠠᠪᠠᠭᠠᠨ ᠠᠯᠬᠤᠬᠤ᠂ ᠬᠤᠯᠨ | ᠭᠦᠶᠤᠬᠦ᠂ ᠲᠤᠭᠤᠢ ᠲᠡᠷᠭᠡ᠂ ᠨᠠᠷᠡᠬᠦᠢ ᠨᠢᠳᠤᠷᠭ᠎ᠠ ᠶᠢᠨ ᠰᠢᠷᠢᠰ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠨᠡᠷᠠᠳᠤ | ᠲᠥᠷᠥᠯ ᠲᠡᠮᠳᠡᠭ ᠨᠦᠭᠦᠳ ᠢ ᠴᠤᠬᠴᠠᠯᠠᠬᠰᠠᠨ ᠪᠠᠶᠢᠨ᠎ᠠ᠃ |