ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ | ᠰᠤᠷᠪᠤᠯᠵᠢᠯᠠᠭᠴᠢ ᠬᠥᠬᠡᠬᠤᠲᠠ ᠶᠢᠨ ᠵᠠᠰᠠᠭ ᠤᠨ ᠣᠷᠳᠣᠨ ᠠᠴᠠ ᠣᠶᠢᠯᠭᠠᠭᠰᠠᠨ ᠢᠶᠠᠷ᠂ ᠡᠨᠡ ᠵᠢᠯ ᠠᠴᠠ ᠨᠠᠭᠠᠰᠢ᠂ | ᠬᠦᠬᠡᠬᠤᠳᠠ ᠶᠢᠨ ᠵᠠᠰᠠᠭ ᠤᠨ ᠣᠷᠳᠣᠨ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ︽ᠶᠢᠰᠦᠨ | ᠲᠤᠮᠤ ᠢᠨᠵᠧᠨᠧᠷᠢᠩ︾ ᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠤᠳᠤᠬᠠᠨ ᠪᠦᠬᠦ ᠬᠤᠳᠠ ᠶᠢᠨ | ᠨᠤᠭᠤᠭᠠᠷᠠᠭᠤᠯᠤᠯᠳᠠ ᠶᠢᠨ ᠲᠠᠯᠠᠪᠠᠢ 47.6 ᠲᠦᠮᠡᠨ ᠮᠦ ᠳᠤ ᠬᠦᠷᠴᠡᠢ᠃ | ᠬᠦᠬᠡᠬᠤᠳᠠ ᠵᠡᠭᠦᠨ ᠪᠡᠶ᠎ᠡ ᠶᠢᠨ ᠠᠮᠢ ᠠᠬᠤᠢ ᠶᠢᠨ ᠬᠠᠯᠬᠠᠪᠴᠢ᠂ ᠬᠠᠳᠤᠨ ᠭᠤᠤᠯ ᠲᠠᠭᠠᠦ ᠶᠢᠨ ᠠᠮᠢ | ᠠᠬᠤᠢ ᠶᠢᠨ ᠬᠤᠩᠬᠢᠯ᠂ ᠤᠢ ᠰᠢᠭᠤᠢᠢᠳᠤ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠳᠠ ᠵᠡᠷᠭᠡ ᠶᠢᠰᠦᠨ | ᠲᠤᠮᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠲᠠᠯᠠᠨ ᠬᠠᠷ᠎ᠠ ᠠᠭᠤᠯᠠ ᠶᠢᠨ ᠡᠮᠦᠨ᠎ᠡ ᠪᠡᠯ᠂ ᠬᠠᠳᠤᠨ | ᠭᠤᠤᠯ ᠤᠨ ᠰᠠᠪᠠ ᠭᠠᠵᠠᠷ ᠲᠠᠭᠠᠦ᠂ ᠬᠤᠳᠠ ᠪᠠᠯᠭᠠᠰᠤ ᠬᠦᠳᠡᠭᠡ ᠲᠤᠰᠬᠤᠨ ᠤ ᠠᠮᠢ ᠠᠬᠤᠢ ᠤᠷᠴᠢᠨ ᠲᠤᠭᠤᠷᠢᠨ ᠢ | ᠬᠦᠴᠦᠯᠡᠨ ᠰᠠᠶᠢᠵᠢᠷᠠᠭᠤᠯᠵᠠᠢ᠃ ᠡᠨᠡ ᠵᠢᠯ ᠨᠢᠭᠡᠨᠳᠡ ᠵᠡᠭᠦᠨ ᠪᠡᠶ᠎ᠡ ᠶᠢᠨ ᠠᠮᠢ ᠠᠬᠤᠢ ᠶᠢᠨ ᠬᠠᠯᠬᠠᠪᠴᠢ ᠤᠢ ᠶᠢᠨ | ᠪᠦᠳᠦᠭᠡᠨ ᠪᠠᠶᠢᠭᠤᠯᠤᠯᠲᠠ ᠶᠢ 1.8 ᠲᠦᠮᠡᠨ ᠮᠦ᠂ ᠬᠠᠳᠤᠨ ᠭᠤᠤᠯ ᠲᠠᠭᠠᠦ ᠶᠢᠨ ᠠᠮᠢ ᠠᠬᠤᠢ ᠶᠢᠨ ᠬᠤᠩᠭᠢᠯ ᠤᠨ | ᠪᠦᠲᠦᠭᠡᠨ ᠪᠠᠶᠢᠭᠤᠯᠤᠯᠲᠠ ᠶᠢ 9.2 ᠲᠦᠮᠡᠨ ᠮᠦ᠂ ᠤᠢ ᠰᠢᠭᠤᠢᠢᠳᠤ ᠲᠤᠰᠬᠤᠨ ᠪᠠᠯᠭᠠᠰᠤᠨ ᠤ ᠪᠦᠳᠦᠭᠡᠨ | ᠪᠠᠶᠢᠭᠤᠯᠤᠯᠲᠠ ᠶᠢ 1.74 ᠲᠦᠮᠡᠨ ᠮᠦ᠂ ᠲᠤᠪᠤᠷᠬᠠᠭ ᠣᠷᠣᠨ ᠤ ᠠᠵᠤ ᠠᠬᠤᠢ ᠶᠢᠨ ᠤᠢ ᠶᠢᠨ ᠪᠦᠳᠦᠭᠡᠨ | ᠪᠠᠶᠢᠭᠤᠯᠤᠯᠲᠠ ᠶᠢ 22.38 ᠲᠦᠮᠡᠨ ᠮᠦ ᠪᠡᠶᠡᠯᠡᠭᠦᠯᠵᠡᠢ᠃ | ᠤᠳᠤᠬᠠᠨ ᠳᠤ ᠬᠦᠬᠡᠬᠤᠳᠠ ᠶᠢᠨ ᠤᠷᠭᠤᠭ᠎ᠠ ᠮᠣᠳᠣᠨ ᠤ ᠶᠡᠷᠦᠩᠬᠡᠢ ᠬᠠᠳᠠᠭᠠᠯᠠᠭᠳᠠᠴᠠ 820 ᠭᠠᠷᠤᠢ | ᠲᠦᠮᠡᠨ ᠪᠣᠰᠤᠭ᠎ᠠ ᠲᠦᠷᠪᠡᠯᠵᠢᠨ ᠮᠧᠲᠷ᠂ ᠤᠢ ᠰᠢᠭᠤᠢ ᠶᠢᠨ ᠲᠠᠯᠠᠪᠠᠢ 557.59 ᠲᠦᠮᠡᠨ ᠮᠦ᠂ ᠣᠢ | ᠰᠢᠭᠤᠢ ᠶᠢᠨ ᠪᠦᠷᠭᠦᠴᠡ ᠶᠢᠨ ᠨᠣᠷᠮ᠎ᠠ 21.59 % ᠪᠤᠯᠵᠤ᠂ ︽ᠤᠯᠤᠰ ᠤᠨ ᠤᠢ ᠰᠢᠭᠤᠢ ᠶᠢᠨ ᠬᠤᠳᠠ︾᠂ ︽ | ᠤᠯᠤᠰ ᠤᠨ ᠴᠡᠴᠡᠷᠯᠢᠭᠵᠢᠭᠦᠯᠦᠭᠰᠡᠨ ᠬᠤᠲᠠ︾ ᠶᠢᠨ ᠢᠷᠠᠭᠤ ᠠᠯᠳᠠᠷ ᠢ ᠬᠦᠷᠲᠡᠵᠡᠢ᠃ |