ᠬᠥᠬᠡᠬᠤᠲᠠ ᠶᠢᠨ ᠲᠦᠮᠡᠨ ᠬᠥᠮᠦᠨ ᠤ ᠬᠤᠲᠠ ᠪᠠᠷ ᠠᠯᠬᠤᠬᠤ ᠠᠵᠢᠯᠯᠠᠭ᠎ᠠ ᠡᠬᠢᠯᠡᠵᠡᠢ
ᠨᠡᠶᠢᠲᠡᠯᠡᠭᠰᠡᠨ ᠴᠠᠭ᠄
2019-10-14
ᠵᠢᠷᠤᠭ ᠢ ᠬᠥᠬᠡᠬᠤᠲᠠ ᠶᠢᠨ ᠣᠷᠣᠢ ᠶᠢᠨ ᠰᠣᠨᠢᠨ ᠠᠴᠠ ᠠᠪᠤᠪᠠ      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠥᠷᠭᠡᠨ︶ 10 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ 2019 ᠣᠨ ᠤ ᠬᠥᠬᠡᠬᠤᠲᠠ ᠶᠢᠨ ᠲᠦᠮᠡᠨ ᠬᠥᠮᠥᠨ ᠤ ᠬᠤᠲᠠ ᠪᠠᠷ ᠠᠯᠬᠤᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠷᠥ᠋ ᠢ ᠠᠭᠤᠳᠠᠮ ᠲᠠᠯᠠᠪᠠᠢ ᠳᠤ ᠶᠠᠪᠤᠬᠳᠠᠪᠠ᠃ ᠲᠣᠰ ᠤᠳᠠᠭ᠎ᠠ ᠶᠢᠨ ᠠᠵᠢᠯᠯᠠᠭ᠎ᠠ ᠶᠢ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠬᠢᠯᠡᠵᠡᠢ᠃      ︽ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠡᠷᠡᠭᠦᠯ ᠡᠩᠬᠡ ᠳᠤᠮᠳᠠᠳᠤ ᠤᠯᠤᠰ ᠢ ᠬᠠᠮᠲᠤ ᠪᠠᠷ ᠴᠣᠭᠴᠠᠯᠠᠶ᠎ᠠ︾ ᠭᠡᠬᠦ ᠪᠠᠷ ᠭᠤᠤᠯ ᠰᠡᠳᠦᠪ ᠪᠤᠯᠭᠠᠭᠰᠠᠨ ᠲᠤᠰ ᠤᠳᠠᠭ᠎ᠠ ᠶᠢᠨ ᠠᠵᠢᠯᠯᠠᠭ᠎ᠠ ᠳᠤ ᠬᠥᠬᠡᠬᠤᠲᠠ ᠶᠢᠨ ᠥᠷᠭᠡᠨ ᠣᠯᠠᠨ ᠺᠠᠳ᠋ᠷ ᠠᠵᠢᠯᠲᠠᠳ᠂ ᠪᠠᠭᠰᠢ ᠰᠤᠷᠤᠭᠴᠢ ᠪᠠ ᠶᠠᠪᠠᠭᠠᠨ ᠠᠯᠬᠤᠬᠤ ᠳᠤᠷᠠᠲᠠᠶ ᠬᠥᠮᠦᠰ ᠨᠡᠶᠢᠲᠡ 2000 ᠭᠠᠷᠤᠶ ᠬᠦᠮᠦᠰ ᠤᠷᠤᠯᠴᠠᠵᠠᠢ᠃ ᠡᠨᠡᠬᠦ ᠠᠵᠢᠯᠯᠠᠭ᠎ᠠ ᠨᠢ ᠮᠥᠨ ᠴᠦ ᠬᠥᠬᠡᠬᠤᠲᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ︽ᠲᠠᠪᠤᠨ ᠨᠢᠭᠡ ᠲᠦᠮᠡᠨ ᠢᠨᠵᠧᠨᠧᠷᠢᠩ︾ ᠤᠨ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠂ ᠠᠵᠢᠯᠯᠠᠭ᠎ᠠ ᠪᠠᠷ ᠳᠠᠮᠵᠢᠭᠤᠯᠤᠨ ᠬᠥᠬᠡᠬᠤᠲᠠ ᠶᠢᠨ ᠥᠷᠭᠡᠨ ᠣᠯᠠᠨ ᠺᠠᠳ᠋ᠷ ᠤᠯᠠᠨ ᠲᠦᠮᠡᠨ ᠤ ᠡᠭᠡ ᠪᠠᠶᠢᠭᠠᠯᠢ ᠲᠠᠢ ᠣᠢᠢᠷᠠᠳᠤᠬᠤ᠂ ᠪᠣᠬᠢᠷᠲᠤᠯ ᠦᠭᠡᠢ ᠶᠠᠪᠤᠵᠤ ᠰᠠᠭᠤᠬᠤ᠂ ᠡᠷᠡᠭᠦᠯ ᠮᠡᠨᠳᠦ ᠶᠢᠨ ᠬᠥᠳᠡᠯᠭᠡᠭᠡᠨ ᠬᠢᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠣᠶᠢᠯᠠᠭᠠᠭᠳᠠᠬᠤᠨ ᠢ ᠪᠣᠶ ᠪᠣᠯᠭᠠᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠪᠡᠶ᠎ᠡ ᠰᠡᠳᠬᠢᠯ ᠢᠶᠠᠨ ᠪᠠᠶᠠᠰᠬᠠᠵᠤ᠂ ᠪᠦᠯᠬᠦᠮᠳᠡᠯ ᠨᠢᠭᠳᠠᠷᠠᠯ ᠢᠶᠠᠨ ᠴᠢᠩᠭᠠᠳᠬᠠᠨ ᠥᠭᠡᠳᠡᠯᠡᠨ ᠳᠠᠪᠰᠢᠬᠤ ᠰᠠᠶᠢᠨ ᠰᠠᠶᠢᠬᠠᠨ ᠣᠶᠣᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号