ᠲᠠᠮᠠᠬᠢᠨ ᠤ ᠤᠲᠤᠭᠠᠨ ᠳᠤ ᠨᠦᠯᠦᠭᠡᠯᠡᠭᠳᠡᠭᠰᠡᠨ ᠬᠦᠮᠦᠰ ᠠᠭᠤᠰᠭᠢᠨ ᠤ ᠦᠮᠡᠨ ᠣᠯᠬᠤ ᠠᠶᠤᠯ ᠲᠠᠢ
ᠨᠡᠶᠢᠲᠡᠯᠡᠭᠰᠡᠨ ᠴᠠᠭ᠄
2019-10-14
      ᠲᠠᠮᠠᠬᠢ ᠲᠠᠲᠠᠬᠤ ᠨᠢ ᠬᠦᠮᠦᠰ ᠤᠨ ᠡᠷᠡᠭᠦᠯ ᠮᠡᠨᠳᠦ ᠳᠤ ᠬᠤᠤᠷ ᠬᠦᠨᠦᠭᠡᠯ ᠲᠠᠢ ᠪᠠᠶᠢᠳᠠᠭ ᠭᠡᠰᠡᠨ ᠢ ᠲᠠ ᠪᠦᠬᠦᠨ ᠪᠦᠷ ᠰᠠᠶᠢᠨ ᠮᠡᠳᠡᠨ᠎ᠡ᠃ ᠲᠠᠮᠠᠬᠢ ᠶᠢᠨ ᠤᠲᠤᠭ᠎ᠠ ᠨᠢ ᠦᠮᠡᠨ ᠡᠪᠡᠳᠴᠢᠨ ᠢ ᠡᠭᠦᠰᠭᠡᠳᠡᠭ᠂ ᠪᠠᠰᠠ ᠵᠢᠷᠦᠭᠡᠨ  ᠤ  ᠡᠪᠡᠳᠴᠢᠨ᠂ ᠴᠢᠰᠦᠨ ᠲᠠᠷᠤᠯᠲᠠ ᠦᠨᠳᠦᠷᠵᠢᠬᠦ ᠡᠪᠡᠳᠴᠢᠨ᠂ ᠲᠠᠷᠢᠬᠢ ᠴᠢᠰᠦᠨ ᠰᠤᠳᠠᠯ ᠤᠨ ᠡᠪᠡᠳᠴᠢᠨ᠂ ᠤᠳᠠᠭᠠᠨ ᠴᠢᠨᠠᠷᠲᠠᠢ ᠠᠭᠤᠰᠭᠢᠨ  ᠤ ᠦᠷᠪᠢᠰᠦᠯ᠂ ᠠᠭᠤᠰᠭᠢᠨ  ᠤ ᠬᠠᠪᠤᠳᠠᠷ ᠵᠡᠷᠭᠡ ᠬᠦᠨᠳᠦ ᠡᠪᠡᠳᠴᠢᠨ  ᠢ ᠡᠭᠦᠰᠭᠡᠬᠦ ᠪᠤᠯᠤᠮᠵᠢ ᠶᠡᠭᠡ ᠪᠠᠶᠢᠨ᠎ᠠ᠃      ᠬᠡᠳᠦᠨ ᠠᠷᠪᠠᠨ ᠵᠢᠯ ᠤᠨ ᠰᠤᠳᠤᠯᠭᠠᠨ ᠤ ᠦᠷ᠎ᠡ ᠳ᠋ᠦᠩ ᠭᠡᠷᠡᠴᠢᠯᠡᠬᠦ ᠳᠡᠭᠡᠨ᠂ ᠲᠠᠮᠠᠬᠢᠨ  ᠤ ᠤᠲᠤᠭᠠᠨ ᠳᠤ ᠨᠦᠯᠦᠭᠡᠯᠡᠭᠳᠡᠭᠰᠡᠨ ᠬᠦᠮᠦᠰ ᠠᠭᠤᠰᠭᠢᠨ  ᠤ ᠦᠮᠡᠨ ᠵᠡᠷᠭᠡ ᠬᠤᠤᠷᠲᠦ ᠬᠠᠪᠤᠲᠠᠷ ᠲᠤ ᠨᠡᠷᠪᠡᠭᠳᠡᠵᠦ᠂ ᠤᠳᠠᠭᠠᠨ ᠴᠢᠨᠠᠷᠲᠠᠢ ᠠᠭᠤᠰᠭᠢᠨ  ᠤ ᠦᠷᠪᠢᠰᠦᠯ᠂ ᠵᠢᠷᠦᠬᠡ᠂ ᠲᠠᠷᠢᠬᠢ ᠴᠢᠰᠦᠨ ᠰᠣᠳᠠᠯ ᠤᠨ ᠬᠦᠨᠳᠦ ᠡᠪᠡᠳᠴᠢᠨ ᠳᠤ ᠨᠡᠷᠪᠡᠭᠳᠡᠬᠦ ᠪᠤᠯᠤᠮᠵᠢᠲᠠᠢ᠃    ᠵᠢᠷᠦᠬᠡᠨ  ᠤ  ᠡᠪᠡᠳᠴᠢᠨ ᠳᠤ ᠨᠡᠷᠪᠡᠭᠳᠡᠬᠦ ᠨᠤᠷᠮ᠎ᠠ ᠶᠢ 25%— 30% ᠪᠤᠯᠭᠠᠨ ᠨᠡᠮᠡᠭᠳᠡᠬᠦᠯᠵᠦ᠂ ᠠᠭᠤᠰᠭᠢᠨ  ᠤ ᠦᠮᠡᠨ ᠳᠤ ᠨᠡᠷᠪᠡᠭᠳᠡᠬᠦ ᠨᠤᠷᠮ᠎ᠠ ᠶᠢ 20 %— 30% ᠪᠤᠯᠭᠠᠨ ᠨᠡᠮᠡᠭᠳᠡᠭᠦᠯᠳᠡᠭ ᠶᠤᠮ ᠪᠠᠶᠢᠨ᠎ᠠ᠃ ᠲᠠᠮᠠᠬᠢᠨ   ᠤ ᠤᠲᠤᠭ᠎ᠠ ᠨᠢ ᠪᠠᠰᠠ ᠵᠢᠷᠮᠤᠰᠤᠨ ᠡᠮᠡᠭᠲᠡᠢ ᠪᠠ‌ᠨᠢᠯᠬ᠎ᠠ ᠬᠡᠤᠬᠡᠳ   ᠲᠤ ᠨᠡᠩ ᠢᠯᠡᠬᠦᠦ ᠬᠤᠤᠷ ᠬᠦᠨᠦᠭᠡᠯ ᠲᠠᠢ᠃      ᠤᠯᠠᠨ ᠨᠡᠶᠢᠲᠡ ᠶᠢᠨ ᠡᠷᠡᠬᠦᠯ ᠮᠡᠨᠳᠦ ᠶᠢᠨ ᠡᠷᠬᠡ ᠠᠰᠢᠭ ᠢ ᠬᠠᠮᠠᠭᠠᠯᠠᠵᠦ᠂ ᠲᠠᠮᠠᠬᠢᠨ  ᠤ ᠤᠳᠤᠭᠠᠨ ᠳᠤ ᠨᠦᠯᠦᠭᠡᠯᠡᠭᠳᠡᠭᠰᠡᠨ ᠬᠦᠮᠦᠰ ᠤᠨ ᠡᠷᠡᠭᠦᠯ ᠮᠡᠨᠳᠦ ᠶᠢᠨ ᠠᠰᠠᠭᠤᠳᠠᠯ ᠳᠤ ᠵᠠᠰᠠᠭ ᠤᠨ ᠤᠷᠳᠤᠨ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠷᠢᠭᠤᠴᠠᠯᠭ᠎ᠠ ᠲᠠᠢ ᠬᠠᠨᠳᠤᠬᠤ ᠬᠡᠷᠡᠭᠲᠡᠢ᠃ ᠪᠡᠭᠡᠵᠢᠩ ᠬᠤᠲᠠ ᠶᠢᠨ ᠵᠠᠰᠠᠭ ᠤᠨ ᠤᠷᠳᠤᠨ ᠡᠨᠡ ᠠᠰᠠᠭᠤᠳᠠᠯ ᠢ ᠲᠡᠭᠡᠲᠦ ᠬᠡᠮᠵᠢᠶ᠎ᠡ ᠪᠠᠷ ᠠᠩᠬᠠᠷᠤᠨ ᠴᠢᠬᠤᠯᠠᠴᠢᠯᠠᠭᠰᠠᠭᠠᠷ ᠢᠷᠡᠵᠡᠢ᠃ 2015 ᠤᠨ  ᠤ 6 ᠳ᠋ᠤᠭᠠᠷ ᠰᠠᠷ᠎ᠠ ᠶᠢᠨ 1 ᠤ ᠡᠳᠦᠷ᠂ ︽ᠪᠡᠭᠡᠵᠢᠩ ᠬᠤᠲᠠ ᠲᠠᠮᠠᠬᠢ ᠲᠠᠲᠠᠬᠤ ᠶᠢ ᠬᠤᠷᠢᠭᠯᠠᠬᠤ  ᠲᠦᠷᠢᠮ︾   ᠢ ᠠᠯᠪᠠᠨ ᠶᠤᠰᠤᠭᠠᠷ ᠬᠡᠷᠡᠭᠵᠢᠬᠦᠯᠵᠦ ᠡᠬᠢᠯᠡᠭᠰᠡᠨ ᠪᠠᠶᠢᠨ᠎ᠠ᠃ ᠪᠡᠭᠡᠵᠢᠩ ᠬᠤᠲᠠ ᠶᠢᠨ ᠡᠨᠡᠬᠦ ᠲᠡᠷᠢᠬᠦᠨ ᠤ  ᠠᠷᠭ᠎ᠠ ᠲᠤᠷᠰᠢᠯᠭ᠎ᠠ ᠶᠢ  ᠰᠤᠷᠤᠯᠴᠠᠨ ᠵᠢᠷᠤᠮᠯᠠᠵᠦ  ᠂ ᠦᠪᠡᠷ ᠤᠨ ᠪᠤᠯᠤᠨ ᠦᠷᠦᠭᠡᠯ ᠤᠨ ᠡᠷᠡᠭᠦᠯ ᠮᠡᠨᠲᠦ ᠶᠢᠨ ᠲᠦᠯᠦᠭᠡ ᠬᠠᠮᠲᠤᠪᠠᠷ ᠴᠢᠷᠮᠠᠶᠢᠵᠠᠭᠠᠶ᠎ᠠ︕ ᠬᠦᠮᠦᠰ ᠡ︕
 
ᠢᠷᠡᠯᠲᠡ᠄ ᠮᠣᠩᠭᠤᠯ ᠷᠠᠳᠢᠣ᠋ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号