ᠬᠥᠬᠡᠬᠤᠳᠠ ᠶᠢᠨ ᠭᠤᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠡᠬᠢᠯᠡᠯ᠎ᠡ
ᠨᠡᠶᠢᠲᠡᠯᠡᠭᠰᠡᠨ ᠴᠠᠭ᠄
2019/10/14
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠥᠷᠭᠡᠨ︶ 10 ᠰᠠᠷ᠎ᠠ ᠶᠢᠨ 12 ᠤᠨ ᠦᠳᠡ ᠶᠢᠨ ᠡᠮᠦᠨ᠎ᠡ᠂ ᠬᠥᠬᠡᠬᠤᠳᠠ ᠶᠢᠨ ᠭᠤᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠡᠬᠢᠯᠡᠯᠳᠠ ᠶᠢᠨ ᠶᠤᠰᠤᠯᠠᠯ ᠬᠥᠬᠡᠬᠤᠳᠠ ᠶᠢᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠬᠳᠠᠪᠠ᠃      ᠲᠤᠰ ᠬᠤᠭᠤᠴᠠᠭᠠᠨ ᠤ ᠤᠷᠤᠯᠳᠤᠭᠠᠨ ᠢ ᠬᠥᠬᠡᠬᠤᠳᠠ ᠶᠢᠨ ᠠᠷᠠᠳ ᠤ ᠵᠠᠰᠠᠭ ᠤᠨ ᠣᠷᠳᠣᠨ ᠭᠤᠤᠯᠯᠠᠨ ᠡᠷᠬᠢᠯᠡᠵᠥ᠂ ᠵᠢᠭᠠᠰᠤ ᠬᠥᠬᠢᠳᠡᠬᠦ᠂ ᠭᠤᠸᠠᠵᠢᠯ ᠤᠨ ᠪᠡᠶ᠎ᠡ ᠶᠢᠨ ᠲᠠᠮᠢᠷ᠂ ᠬᠥᠷᠳᠤᠳᠤ ᠲᠠᠰᠢᠬᠦᠷ᠂ ᠰᠢᠲᠠᠷ᠎ᠠ ᠵᠡᠷᠭᠡ 8 ᠶᠡᠭᠡ ᠢᠯᠡ ᠤᠷᠤᠯᠳᠤᠭᠠᠨ ᠢ ᠳᠤᠬᠢᠷᠠᠭᠤᠯᠤᠭᠰᠠᠨ ᠠᠴᠠ ᠭᠠᠳᠠᠨ᠎ᠠ᠂ ᠬᠥᠯ ᠪᠥᠮᠪᠦᠭᠡ᠂ ᠠᠯᠠᠭᠠᠳᠠᠬᠤ ᠪᠥᠮᠪᠦᠭᠡ᠂ ᠰᠤᠷ ᠬᠠᠷᠪᠤᠯᠳᠠ᠂ ᠲᠤᠤᠷ ᠪᠥᠮᠪᠦᠭᠡ᠂ ᠥᠳᠤᠨ ᠪᠥᠮᠪᠦᠭᠡ ᠵᠡᠷᠭᠡ 17 ᠥᠷᠢᠰᠤᠯᠳᠥᠬᠡᠨᠳᠤ ᠤᠷᠤᠯᠳᠤᠭᠠᠨ ᠤ ᠲᠥᠷᠥᠯ ᠢ ᠲᠤᠬᠢᠷᠠᠭᠤᠯᠵᠥ᠂ 6700 ᠭᠠᠷᠤᠢ ᠲᠠᠮᠢᠷᠴᠢᠨ ᠪᠠ ᠲᠠᠰᠬᠠᠯᠵᠢᠭᠤᠯᠤᠬᠴᠢ ᠤᠷᠤᠯᠳᠤᠭᠠᠨ ᠳᠤ ᠤᠷᠤᠯᠴᠠᠵᠥ᠂ 3000 ᠭᠠᠷᠤᠢ ᠬᠥᠮᠥᠨ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠭᠦᠢᠴᠡᠳᠬᠡᠬᠦ ᠪᠣᠯᠣᠨ᠎ᠠ᠃     ᠥᠢᠯᠠᠭᠠᠬᠰᠠᠨ ᠢᠶᠠᠷ᠂ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠨᠢ ︽ᠪᠡᠶ᠎ᠡ ᠶᠢᠨ ᠲᠠᠮᠢᠷ ᠤᠨ ᠤᠷᠤᠯᠳᠤᠭᠠᠨ ᠳᠤ ᠪᠥᠬᠦ ᠠᠷᠠᠳ ᠢᠶᠠᠷ ᠢᠶᠠᠨ ᠤᠷᠤᠯᠴᠠᠨ ᠪᠡᠶ᠎ᠡ ᠶᠢᠨ ᠲᠠᠮᠢᠷ ᠤᠨ ᠵᠤᠯ ᠵᠢᠷᠭᠠᠯ ᠢ ᠬᠠᠮᠳᠤ ᠪᠠᠷ ᠡᠳ᠋ᠯᠡᠬᠦ︾ ᠬᠥᠭᠵᠢᠯᠲᠡ ᠶᠢᠨ ᠰᠡᠳᠬᠢᠴᠡ ᠶᠢ ᠪᠠᠷᠢᠮᠳᠠᠯᠠᠨ᠂ ᠬᠥᠬᠡᠬᠤᠳᠠ ᠶᠢᠨ ᠥᠷᠢᠰᠥᠯᠳᠥᠭᠡᠨᠳᠤ ᠪᠡᠶ᠎ᠡ ᠶᠢᠨ ᠲᠠᠮᠢᠷ᠂ ᠤᠯᠠᠨ ᠲᠥᠮᠡᠨᠴᠢ ᠪᠡᠶ᠎ᠡ ᠶᠢᠨ ᠲᠠᠮᠢᠷ ᠪᠠ ᠪᠡᠶ᠎ᠡ ᠶᠢᠨ ᠲᠠᠮᠢᠷ ᠤᠨ ᠠᠵᠤ ᠥᠢᠯᠡᠰ ᠤᠨ ᠬᠥᠭᠵᠢᠯᠳᠠ ᠶᠢᠨ ᠦᠷ᠎ᠡ ᠪᠥᠳᠥᠭᠡᠯ ᠢ ᠲᠥᠪᠯᠡᠷᠡᠬᠦᠯᠥᠨ ᠲᠡᠯᠬᠡᠨ ᠥᠵᠡᠬᠦᠯᠵᠥ᠂ ᠤᠯᠠᠨ ᠲᠦᠮᠡᠨ ᠤ ᠡᠷᠡᠬᠦᠯ ᠴᠢᠬᠢᠷᠠᠬ ᠢ ᠲᠠᠰᠤᠷᠠᠯᠳᠠ ᠥᠬᠡᠢ ᠲᠡᠰ ᠲᠡᠪᠰᠢᠬᠦᠯᠵᠥ᠂ ᠬᠥᠬᠡᠬᠤᠲᠠ ᠶᠢᠨ ᠰᠢᠨ᠎ᠡ ᠴᠠᠭ ᠦᠶ᠎ᠡ ᠶᠢᠨ ᠰᠢᠨ᠎ᠡ ᠳᠦᠷᠢ ᠲᠥᠷᠬᠦ ᠶᠢ ᠭᠦᠢᠴᠡᠳ ᠢᠯᠡᠷᠡᠭᠦᠯᠬᠦ ᠪᠣᠯᠣᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ