ᠮᠠᠯ ᠵᠢᠭᠦᠷᠲᠡᠨ ᠤ ᠲᠡᠵᠢᠭᠡᠯᠭᠡ ᠳᠤᠮᠳᠠ ᠰᠦᠯᠢᠶᠥᠦ ᠫᠧᠩ ᠬᠡᠷᠡᠭᠯᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2019/10/14
      1. ᠰᠠᠯᠬᠢ ᠴᠠᠰᠤ ᠶᠢ ᠰᠡᠷᠭᠡᠶᠢᠯᠡᠬᠦ᠄ ᠰᠦᠯᠢᠶᠥᠦ ᠫᠧᠩ ᠤᠨ ᠨᠢᠮᠭᠡᠨ ᠪᠦᠷᠬᠦᠭᠦᠯ ᠢ ᠰᠠᠶᠢᠲᠤᠷ ᠪᠦᠲᠡᠭᠡᠵᠦ᠂ ᠶᠡᠭᠡ ᠰᠠᠯᠬᠢᠨ ᠳᠤ ᠬᠡᠶᠢᠰᠴᠦ ᠤᠨᠠᠭᠠᠳ ᠳᠤᠯᠠᠭᠠᠨ ᠢ ᠨᠢᠭᠡᠯᠡ ᠳᠣᠣᠷ᠎ᠠ ᠪᠠᠭᠤᠷᠠᠭᠤᠯᠵᠤ᠂ ᠲᠡᠵᠢᠭᠡᠵᠦ ᠪᠠᠶᠢᠭ᠎ᠠ ᠮᠠᠯ ᠵᠢᠭᠦᠷᠲᠡᠨ ᠢ ᠭᠡᠮᠲᠦᠭᠡᠬᠦ ᠠᠴᠠ ᠰᠡᠷᠭᠡᠶᠢᠯᠡᠨ᠎ᠡ᠃ ᠴᠠᠰᠤ ᠲᠠᠢ ᠡᠳᠦᠷ ᠪᠣᠯᠪᠠᠯ ᠰᠦᠯᠢᠶᠥᠦ ᠪᠦᠷᠬᠦᠭᠦᠯ ᠳᠡᠭᠡᠷᠡᠬᠢ ᠴᠠᠰᠤ ᠶᠢ ᠴᠠᠭ ᠳᠠᠷᠤᠢ ᠳᠤᠨᠢ ᠱᠦᠭᠦᠷᠳᠡᠵᠦ ᠠᠷᠢᠯᠭᠠᠨ᠎ᠠ᠃      2. ᠬᠦᠢᠲᠡᠨ ᠢ ᠰᠡᠷᠭᠡᠶᠢᠯᠡᠬᠦ᠄ ᠰᠦᠯᠢᠶᠥᠦ ᠫᠧᠩ ᠳᠤ ᠮᠠᠯ ᠵᠢᠭᠦᠷᠲᠡᠨ ᠲᠡᠵᠢᠭᠡᠬᠦ ᠳᠡᠭᠡᠨ ᠣᠨᠴᠠᠭᠠᠢ ᠬᠦᠢᠲᠡᠷᠡᠭᠰᠡᠨ ᠦᠶ᠎ᠡ ᠳᠤ ᠰᠦᠯᠢᠶᠥᠦ ᠫᠧᠩ ᠤᠨ ᠳᠡᠭᠡᠷ᠎ᠡ ᠨᠢ ᠵᠤᠵᠠᠭᠠᠨ ᠴᠠᠭᠠᠰᠤ ᠪᠤᠶᠤ ᠡᠪᠡᠰᠦᠨ ᠪᠦᠲᠡᠭᠡᠯᠭᠡ ᠪᠠᠷ ᠳᠠᠪᠬᠤᠷ ᠪᠦᠲᠡᠭᠡᠵᠦ ᠳᠤᠯᠠᠭᠠᠨ ᠢ ᠬᠠᠮᠠᠭᠠᠯᠠᠨ᠎ᠠ᠃      3. ᠵᠣᠬᠢᠰᠲᠠᠢ ᠦᠶ᠎ᠡ ᠳᠤ ᠰᠠᠯᠬᠢ ᠨᠡᠪᠲᠡᠷᠡᠭᠦᠯᠵᠦ ᠠᠭᠠᠷ ᠰᠣᠯᠢᠬᠤ᠄ ᠰᠦᠯᠢᠶᠥᠦ ᠫᠧᠩ ᠳᠤ ᠰᠠᠯᠬᠢ ᠨᠡᠪᠲᠡᠷᠡᠭᠦᠯᠵᠦ ᠠᠭᠠᠷ ᠰᠣᠯᠢᠬᠤ ᠳᠠᠭᠠᠨ ᠨᠠᠷᠠ  ᠲᠠᠢ ᠰᠠᠯᠬᠢᠨ ᠦᠭᠡᠢ ᠡᠳᠦᠷ ᠤᠨ ᠦᠳᠡ ᠶᠢᠨ ᠴᠠᠭ ᠢᠶᠠᠷ ᠡᠭᠦᠳᠡ ᠴᠣᠩᠬᠤ ᠶᠢ ᠨᠡᠭᠡᠭᠡᠵᠦ᠂ ᠤᠳᠠᠭ᠎ᠠ ᠪᠦᠷᠢ ᠬᠠᠭᠠᠰ ᠴᠠᠭ ᠠᠴᠠ ᠨᠢᠭᠡ ᠴᠠᠭ ᠰᠠᠯᠬᠢ ᠨᠡᠪᠲᠡᠷᠡᠭᠦᠯᠪᠡᠯ ᠰᠠᠶᠢᠨ᠃ ᠬᠡᠷᠪᠡ ᠰᠦᠯᠢᠶᠥᠦ ᠫᠧᠩ ᠳᠤ ᠲᠡᠵᠢᠭᠡᠵᠦ ᠪᠠᠶᠢᠭ᠎ᠠ ᠮᠠᠯ ᠪᠤᠶᠤ ᠵᠢᠭᠦᠷᠲᠡᠨ ᠤ ᠨᠢᠭᠲᠠᠴᠠ ᠨᠡᠯᠢᠶᠡᠳ ᠶᠡᠭᠡ ᠪᠤᠶᠤ ᠡᠰᠡᠬᠦᠯ᠎ᠡ ᠮᠠᠯ ᠵᠢᠭᠦᠷᠲᠡᠨ ᠤ ᠬᠦᠢᠲᠡᠨ ᠢ ᠳᠠᠭᠠᠭᠠᠬᠤ ᠴᠢᠳᠠᠪᠤᠷᠢ ᠨᠢ ᠨᠡᠯᠢᠶᠡᠳ ᠳᠣᠣᠷ᠎ᠠ ᠪᠣᠯ ᠰᠠᠯᠬᠢ ᠨᠡᠪᠲᠡᠷᠡᠭᠦᠯᠵᠦ ᠠᠭᠠᠷ ᠰᠣᠯᠢᠬᠤ ᠤᠳᠠᠭ᠎ᠠ ᠪᠠ ᠤᠳᠠᠭ᠎ᠠ ᠪᠦᠷᠢ ᠶᠢᠨ ᠰᠠᠯᠬᠢ ᠨᠡᠪᠲᠡᠷᠡᠭᠦᠯᠬᠦ ᠴᠠᠭ ᠢ ᠵᠣᠬᠢᠰᠲᠠᠢ ᠨᠡᠮᠡᠬᠦ ᠪᠤᠶᠤ ᠬᠠᠰᠤᠵᠤ ᠪᠣᠯᠣᠨ᠎ᠠ᠃ ᠰᠠᠯᠬᠢ ᠨᠡᠪᠲᠡᠷᠡᠭᠦᠯᠵᠦ ᠠᠭᠠᠷ ᠰᠣᠯᠢᠬᠤ ᠨᠢ ᠰᠦᠯᠢᠶᠥᠦ ᠫᠧᠩ  ᠳᠠᠬᠢ ᠬᠤᠣᠷᠲᠤ ᠬᠡᠢ ᠪᠡᠶᠡᠲᠦ ᠶᠢᠨ ᠠᠭᠤᠯᠤᠭᠳᠠᠴᠠ ᠶᠢ ᠪᠠᠭᠤᠷᠠᠭᠤᠯᠤᠨ᠂ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠲᠣᠬᠢᠷᠠᠭᠤᠯᠬᠤ ᠳᠤ ᠠᠰᠢᠭᠲᠠᠢ᠃      4. ᠰᠦᠯᠢᠶᠥᠦ ᠪᠦᠷᠬᠦᠭᠦᠯ ᠢ ᠲᠣᠭᠲᠠᠭᠰᠠᠨ ᠬᠤᠭᠤᠴᠠᠭ᠎ᠠ ᠳᠤ ᠴᠡᠪᠡᠷᠯᠡᠬᠦ᠄ ᠰᠦᠯᠢᠶᠥᠦ ᠪᠦᠷᠬᠦᠭᠦᠯ  ᠳᠡᠭᠡᠷ᠎ᠡ ᠬᠥᠯᠳᠡᠭᠰᠡᠨ ᠮᠥᠰᠥ ᠪᠤᠶᠤ ᠬᠢᠷᠠᠭᠤ ᠶᠢ ᠴᠠᠭ ᠳᠠᠷᠤᠢ ᠳᠤᠨᠢ ᠠᠷᠢᠯᠭᠠᠵᠤ᠂ ᠰᠦᠯᠢᠶᠥᠦ ᠪᠦᠷᠬᠦᠭᠦᠯ ᠤᠨ ᠭᠡᠷᠡᠯ ᠤᠨ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠡᠩ ᠤᠨ ᠪᠠᠶᠢᠳᠠᠯ ᠳᠣᠣᠷ᠎ᠠ ᠰᠦᠯᠢᠶᠥᠦ ᠪᠦᠷᠬᠦᠭᠦᠯ ᠢ 2 ᠵᠢᠯ ᠬᠡᠷᠡᠭᠯᠡᠵᠦ ᠪᠣᠯᠳᠠᠭ᠃ ᠡᠶᠢᠮᠦ ᠠᠴᠠ ᠡᠯᠡᠭᠳᠡᠵᠦ ᠴᠣᠭᠤᠷᠠᠭᠰᠠᠨ ᠪᠠᠶᠢᠪᠠᠯ ᠲᠡᠷᠡ ᠳᠠᠷᠤᠢ ᠳᠤᠨᠢ ᠨᠥᠬᠦᠵᠦ ᠨᠠᠭᠠᠬᠤ ᠬᠡᠷᠡᠭᠲᠡᠢ᠃      5. ᠭᠡᠮ ᠬᠡᠵᠢᠭ ᠢ ᠰᠡᠷᠭᠡᠶᠢᠯᠡᠵᠦ ᠵᠠᠰᠠᠬᠤ᠄ ᠮᠠᠯ ᠵᠢᠭᠦᠷᠲᠡᠨ ᠢ ᠰᠦᠯᠢᠶᠥᠦ ᠫᠧᠩ ᠳᠤ ᠣᠷᠣᠭᠤᠯᠵᠤ ᠲᠡᠵᠢᠭᠡᠬᠦ ᠠᠴᠠ ᠡᠮᠦᠨ᠎ᠡ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠡᠮᠲᠦ ᠤᠬᠢᠶᠠᠯᠭ᠎ᠠ ᠬᠢᠬᠦ᠂ ᠬᠤᠷᠣᠬᠠᠢ ᠬᠥᠭᠡᠭᠡᠬᠦ᠂ ᠰᠡᠷᠭᠡᠶᠢᠯᠡᠯᠲᠡ ᠶᠢᠨ ᠲᠠᠷᠢᠯᠭ᠎ᠠ ᠲᠠᠷᠢᠬᠤ ᠵᠡᠷᠭᠡ ᠶᠢ ᠭᠦᠢᠴᠡᠳᠬᠡᠭᠰᠡᠨ ᠪᠠᠶᠢᠬᠤ ᠬᠡᠷᠡᠭᠲᠡᠢ᠃ ᠰᠦᠯᠢᠶᠥᠦ ᠫᠧᠩ ᠳᠤ ᠠᠷᠠᠴᠢᠯᠠᠨ ᠲᠡᠵᠢᠭᠡᠬᠦ ᠶᠠᠪᠤᠴᠠ ᠳᠤ ᠮᠠᠯ ᠵᠢᠭᠦᠷᠲᠡᠨ ᠢ ᠨᠠᠷᠢᠯᠢᠭ ᠠᠵᠢᠭᠯᠠᠵᠤ᠂ ᠭᠡᠮ ᠬᠡᠵᠢᠭ ᠢᠯᠡᠷᠡᠪᠡᠯ ᠴᠠᠭ ᠲᠤᠬᠠᠢ ᠳᠤᠨᠢ ᠡᠮᠨᠡᠬᠦ ᠬᠡᠷᠡᠭᠲᠡᠢ᠃      6. ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠄ ᠠᠳᠠᠯᠢ ᠪᠤᠰᠤ ᠲᠥᠷᠥᠯ ᠤᠨ ᠮᠠᠯ ᠵᠢᠭᠦᠷᠲᠡᠨ ᠤ ᠠᠷᠠᠴᠢᠯᠠᠭ᠎ᠠ ᠬᠠᠮᠢᠶᠠᠷᠤᠯᠲᠠ ᠠᠳᠠᠯᠢ ᠦᠭᠡᠢ ᠪᠠᠶᠢᠳᠠᠭ᠃ ᠰᠦᠯᠢᠶᠥᠦ ᠫᠧᠩ ᠳᠤ ᠣᠷᠣᠭᠤᠯᠬᠤ ᠠᠴᠠ ᠡᠮᠦᠨ᠎ᠡ ᠰᠦᠷᠦᠭ ᠠᠴᠠ ᠨᠢ ᠰᠠᠯᠭᠠᠵᠤ᠂ ᠬᠥᠬᠡ ᠡᠪᠡᠰᠦ᠂ ᠳᠠᠷᠤᠰᠢᠭᠤᠯᠤᠭᠰᠠᠨ ᠪᠣᠷᠳᠤᠭ᠎ᠠ ᠵᠢᠴᠢ ᠡᠷᠦᠳᠡᠰᠦ ᠪᠣᠳᠠᠰ᠂ ᠲᠡᠵᠢᠭᠡᠯ ᠤᠨ ᠨᠡᠮᠡᠯᠲᠡ ᠡᠳ᠋ ᠵᠡᠷᠭᠡ ᠶᠢ ᠪᠡᠯᠡᠳᠬᠡᠵᠦ ᠲᠠᠯᠪᠢᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ