10 ᠳ᠋ᠤᠭᠠᠷ ᠰᠠᠷ᠎ᠠ ᠶᠢᠨ 11 ᠤ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠨᠠᠮ ᠤᠨ ᠡᠭᠦᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠬᠤᠷᠠᠯ ᠢ | ᠬᠤᠷᠠᠯᠳᠤᠭᠤᠯᠵᠤ᠂ ᠬᠤᠷᠠᠯ ᠢ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠢᠦᠶ ᠨᠥᠬᠦᠷ | ᠡᠷᠬᠢᠯᠡᠵᠦ᠂ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ ᠳᠤ | ᠣᠷᠣᠯᠴᠠᠪᠠ᠃ | ᠬᠤᠷᠠᠯ ᠠᠴᠠ ᠡᠩ ᠲᠡᠷᠢᠭᠦᠨ ᠳᠤ ︽ᠥᠭᠦᠯᠡᠯᠲᠡ ᠶᠢᠨ ᠲᠡᠭᠦᠪᠦᠷᠢ︾ ᠶᠢᠨ ᠲᠠᠪᠤᠳᠤᠭᠠᠷ ᠪᠦᠯᠦᠭ ᠢ | ᠰᠤᠷᠤᠯᠴᠠᠪᠠ — ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠳᠥᠷᠪᠡᠨ | ᠤᠳᠬ᠎ᠠ ᠰᠠᠨᠠᠭ᠎ᠠ︾ ᠶᠢ ᠲᠠᠰᠤᠷᠠᠯᠲᠠ ᠦᠭᠡᠢ ᠴᠢᠩᠭᠠᠳᠬᠠᠵᠤ᠂ ︽ᠳᠥᠷᠪᠡᠨ ᠢᠲᠡᠭᠡᠯ︾ ᠶᠢ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠬᠡᠰᠡᠭ ᠠᠭᠤᠯᠭ᠎ᠠ ᠶᠢ ᠪᠡᠶᠡᠯᠡᠭᠦᠯᠬᠦ ᠪᠥᠭᠡᠳ ᠦᠵᠡᠨ ᠰᠤᠷᠤᠯᠴᠠᠬᠤ ᠪᠠᠨ ᠦᠷᠭᠡᠳᠭᠡᠨ᠎ᠡ | — ︽ᠰᠢᠨ᠎ᠡ ᠴᠠᠭ ᠦᠶ᠎ᠡ ᠶᠢᠨ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢᠨ ᠲᠤᠬᠠᠶ ᠶᠡᠷᠦᠩᠬᠡᠶ | ᠱᠠᠭᠠᠷᠳᠠᠯᠭ᠎ᠠ︾ ᠨᠠᠮ ᠤᠨ ᠬᠢᠴᠢᠶᠡᠯ ᠤᠨ ᠸᠢᠳᠢᠣ᠋᠃ | | | | | | ᠡᠴᠦᠰ ᠲᠤ᠂ ᠳᠡᠳ᠋ ᠡᠷᠬᠢᠯᠡᠭᠴᠢ ᠸᠠᠩ ᠢᠦᠶ ᠨᠠᠮ ᠤᠨ ᠡᠭᠦᠷ ᠤᠨ ᠭᠤᠤᠯ ᠰᠡᠳᠦᠪᠲᠦ ᠬᠥᠮᠦᠵᠢᠯ ᠢ ᠬᠡᠷᠬᠢᠨ | ᠥᠷᠨᠢᠭᠦᠯᠬᠦ ᠲᠤᠬᠠᠶ ᠪᠣᠳᠠᠲᠠᠶ ᠲᠠᠶᠢᠯᠤᠮᠵᠢ ᠪᠠ ᠪᠠᠶᠢᠷᠢᠯᠠᠭᠤᠯᠤᠯᠲᠠ ᠬᠢᠵᠡᠶ᠃ ᠸᠠᠩ ᠢᠦᠶ ᠡᠷᠬᠢᠯᠡᠭᠴᠢ | ᠴᠢᠬᠤᠯᠠᠴᠢᠯᠠᠭᠰᠠᠨ ᠨᠢ᠂ ᠭᠤᠤᠯ ᠰᠡᠳᠦᠪᠲᠦ ᠬᠥᠮᠦᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ | ᠲᠠᠨᠢᠵᠤ᠂ ᠰᠤᠷᠤᠯᠴᠠᠯᠭ᠎ᠠ ᠶᠢᠨ ᠲᠡᠮᠳᠡᠭᠯᠡᠯ ᠢᠶᠠᠨ ᠴᠢᠩᠭᠠᠳᠬᠠᠵᠤ᠂ ᠰᠤᠷᠤᠯᠭ᠎ᠠ ᠳᠠᠭᠠᠨ ᠣᠷᠣᠮ ᠦᠯᠡᠳᠡᠭᠡᠵᠦ᠂ | ᠪᠤᠲᠠᠲᠠᠢ ᠰᠤᠷᠤᠯᠴᠠᠵᠤ᠂ ᠪᠤᠲᠠᠲᠠᠢ ᠣᠶᠢᠯᠠᠭᠠᠵᠤ᠂ ᠪᠤᠲᠠᠲᠠᠢ ᠬᠡᠷᠡᠭᠯᠡᠬᠦ ᠬᠡᠷᠡᠭᠲᠡᠶ ᠭᠡᠪᠡ᠃ ᠭᠤᠤᠯ ᠰᠡᠳᠦᠪᠲᠦ | ᠬᠥᠮᠦᠵᠢᠯ ᠢ ᠤᠯᠤᠰ ᠲᠥᠷᠦ ᠶᠢᠨ ᠡᠭᠦᠷᠭᠡ ᠪᠣᠯᠭᠠᠨ ᠠᠳᠬᠤᠵᠤ᠂ ᠰᠤᠷᠤᠯᠴᠠᠯᠭ᠎ᠠ ᠶᠢᠨ ᠣᠯᠤᠯᠲᠠ ᠲᠦᠷᠦᠭᠳᠡᠯ ᠢ | ᠨᠠᠷᠢᠨ ᠬᠢᠨᠠᠮᠠᠭᠠᠶ ᠪᠢᠴᠢᠵᠦ᠂ ᠭᠤᠤᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠰᠤᠷᠤᠯᠴᠠᠯᠭ᠎ᠠ ᠪᠠᠨ ᠢᠮᠠᠭᠲᠠ ᠲᠤᠭᠤᠰᠢᠯᠠᠭᠤᠯᠵᠤ᠂ ᠮᠡᠳᠡᠬᠦᠶ ᠬᠢᠬᠦᠶ ᠶᠢ ᠨᠢᠭᠡᠳᠬᠡᠵᠦ᠂ ᠰᠡᠳᠬᠢᠯ ᠳᠡᠭᠡᠨ | ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠪᠣᠳᠠᠲᠠᠶᠢᠵᠢᠭᠤᠯᠬᠤ ᠬᠡᠷᠡᠭᠲᠡᠶ ᠭᠡᠵᠦ᠃ ᠣᠷᠣᠨ ᠪᠠᠶᠢᠷᠢ ᠪᠠᠨ ᠵᠥᠪ | ᠪᠠᠶᠢᠷᠢᠰᠢᠭᠤᠯᠵᠤ᠂ ᠵᠦᠷᠢᠶ᠎ᠡ ᠶᠢ ᠤᠨᠤᠪᠴᠢᠲᠠᠢ ᠡᠷᠢᠵᠦ᠂ ᠪᠠᠭ᠎ᠠ ᠤᠴᠢᠷ ᠠᠴᠠ ᠡᠬᠢᠯᠡᠨ ᠬᠢᠵᠦ᠂ ᠬᠢᠷᠢ ᠲᠡᠩᠴᠡᠭᠰᠡᠨ | ᠨᠠᠮ ᠤᠨ ᠭᠡᠰᠢᠭᠦᠨ ᠪᠣᠯᠬᠤ ᠬᠡᠷᠡᠭᠲᠡᠶ ᠭᠡᠪᠡ᠃ |