ᠬᠦᠬᠡᠬᠤᠲᠠ ᠶᠢᠨ ᠵᠡᠮᠳᠡᠭᠴᠤᠳ ᠰᠦᠢᠳᠭᠡᠯ ᠳᠣᠰᠢᠶᠠᠬᠤ ᠦᠬᠡᠢ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠵᠣ ᠲᠠᠶᠢᠯᠬᠦ ᠪᠣᠯᠪᠠ
ᠨᠡᠶᠢᠲᠡᠯᠡᠭᠰᠡᠨ ᠴᠠᠭ᠄
2019-10-16
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠠᠴᠤᠷᠠᠯ︶ ᠰᠤᠷᠪᠤᠯᠵᠢᠯᠠᠬᠴᠢ ᠦᠪᠡᠷᠲᠡᠭᠡᠨ ᠵᠠᠰᠠᠬᠤ ᠣᠷᠣᠨ ᠤ ᠵᠡᠮᠳᠡᠭᠴᠤᠳ ᠤᠨ ᠬᠤᠯᠪᠣᠭ᠎ᠠ ᠠᠴᠠ ᠣᠶᠢᠯᠭᠠᠭᠰᠠᠨ ᠢᠶᠠᠷ᠂ ᠬᠥᠬᠡᠬᠤᠲᠠ ᠥᠷᠭᠡᠨ ᠣᠯᠠᠨ ᠵᠡᠮᠳᠡᠭᠴᠦᠳ ᠲᠤ ᠨᠡᠩ ᠣᠯᠠᠨ ᠪᠣᠳᠠᠲᠠᠢ ᠠᠰᠢᠭ ᠬᠦᠷᠲᠡᠭᠡᠬᠦ ᠶᠢᠨ ᠲᠥᠯᠥᠭᠡ᠂ 10 ᠰᠠᠷ᠎ᠠ ᠶᠢᠨ28 ᠠᠴᠠ 11 ᠰᠠᠷ᠎ᠠ ᠶᠢᠨ 29 ᠤ ᠡᠳᠦᠷ ᠪᠣᠯᠲᠠᠯ᠎ᠠ᠂ ᠵᠡᠮᠳᠡᠭᠴᠤᠳ ᠲᠤ ᠰᠦᠢᠳᠬᠡᠯ ᠳᠣᠰᠢᠶᠠᠬᠤ ᠦᠭᠡᠢ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠺᠠᠷᠲ ᠰᠢᠢᠳᠪᠦᠷᠢᠯᠡᠵᠦ ᠥᠭᠬᠦ ᠪᠠᠷ ᠪᠠᠶᠢᠨ᠎ᠠ᠃      ᠣᠶᠢᠯᠭᠠᠭᠰᠠᠨ ᠢᠶᠠᠷ᠂ ᠬᠥᠬᠡᠬᠤᠲᠠ ᠶᠢᠨ ᠵᠡᠮᠳᠡᠭᠴᠤᠳ ᠲᠤ ᠰᠦᠢᠳᠭᠡᠯ ᠳᠣᠰᠢᠶᠠᠬᠤ ᠦᠬᠡᠢ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠺᠠᠷᠲ ᠰᠢᠢᠳᠪᠦᠷᠢᠯᠡᠨ ᠦᠭᠬᠦ ᠬᠡᠪᠴᠢᠶ᠎ᠡ ᠨᠢ᠂ ᠬᠥᠬᠡᠬᠤᠲᠠ ᠶᠢᠨ ᠡᠷᠦᠭᠡ ᠠᠮᠠ ᠶᠢᠨ ᠲᠠᠩᠰᠠ ᠲᠠᠢ ︵ᠬᠤᠰᠢᠭᠤ ᠰᠢᠶᠠᠨ ᠳᠤ ᠪᠠᠶᠢᠩᠭᠤ ᠰᠠᠭᠤᠭ᠎ᠠ ᠬᠤᠲᠠ ᠶᠢᠨ ᠲᠤᠭᠤᠷᠢᠭ ᠤᠨ ᠬᠦᠮᠦᠰ ᠢ ᠪᠠᠭᠲᠠᠭᠠᠨ᠎ᠠ︶ ᠂ ᠬᠤᠶᠠᠳᠤᠭᠠᠷ ᠦᠶ᠎ᠡ ᠶᠢᠨ ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠵᠡᠮᠳᠡᠭᠴᠤᠳ ᠤᠨ ᠦᠨᠡᠮᠯᠡᠯ ᠲᠠᠢ ᠵᠡᠮᠳᠡᠭᠴᠤᠳ᠂ ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠵᠡᠮᠳᠡᠭ ᠴᠡᠷᠢᠭ ᠤᠨ ᠦᠨᠡᠮᠯᠡᠯ ᠲᠠᠢ ᠵᠡᠮᠳᠡᠭᠴᠤᠳ ᠪᠣᠯᠣᠨ᠎ᠠ᠃ ᠡᠬᠦᠨ ᠳᠤ ᠵᠡᠮᠳᠡᠭᠴᠦᠳ ᠲᠤ ᠰᠦᠢᠳᠭᠡᠯ ᠳᠣᠰᠢᠶᠠᠬᠤ ᠦᠬᠡᠢ  ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠺᠠᠷᠲ ᠰᠢᠢᠳᠪᠦᠷᠢᠯᠡᠨ ᠦᠭᠬᠦ ᠳᠤ᠂ ᠵᠡᠮᠳᠡᠭᠴᠤᠳ ᠠᠴᠠ ᠵᠡᠮᠳᠡᠭᠴᠦᠳ ᠤᠨ ᠦᠨᠡᠮᠯᠡᠯ ᠤᠨ ᠬᠠᠷᠢᠶ᠎ᠠ ᠭᠠᠵᠠᠷ ᠤᠨ ᠢᠶᠠᠨ ᠡᠯ᠎ᠡ ᠲᠤᠭᠤᠷᠢᠭ ᠤᠨ ᠬᠤᠲᠠ ᠶᠢᠨ ᠠᠷᠠᠳ ᠲᠤ ᠦᠢᠯᠡᠴᠢᠯᠡᠬᠦ ᠲᠦᠪ ᠤᠨ ᠬᠠᠮᠢᠶ᠎ᠠ ᠪᠦᠬᠦᠢ ᠴᠤᠩᠬᠤᠪᠴᠢ ᠳᠤ ᠬᠦᠷᠴᠦ ᠭᠠᠷ ᠬᠦᠢᠴᠡᠳᠭᠡᠯ ᠬᠢᠬᠦ ᠴᠢᠬᠤᠯᠠᠲᠠᠢ᠂ ᠬᠡᠷᠪᠡ ᠵᠡᠮᠳᠡᠭᠴᠦᠳ ᠤᠨ ᠦᠨᠡᠮᠯᠡᠯ ᠪᠤᠯᠤᠨ ᠪᠡᠶ᠎ᠡ ᠶᠢᠨ ᠦᠨᠡᠮᠯᠡᠯ ᠤᠨ ᠣᠷᠣᠨ ᠰᠠᠭᠤᠴᠠ ᠨᠢ ᠠᠳᠠᠯᠢ ᠦᠭᠡᠢ ᠪᠣᠯ ᠲᠤᠰ ᠬᠥᠮᠥᠨ ᠤ ᠡᠷᠦᠬᠡ ᠠᠮᠠ ᠶᠢᠨ ᠳᠡᠪᠲᠡᠷ ᠤᠨ ᠠᠪᠴᠤ ᠣᠴᠢᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号