10 ᠳ᠋ᠤᠭᠠᠷ ᠰᠠᠷ᠎ᠠ ᠶᠢᠨ 15 ᠤ ᠡᠳᠦᠷ᠂ ᠵᠢᠩᠭᠢᠨᠢ ᠳᠤᠯᠠᠭᠠᠯᠠᠭ᠎ᠠ ᠬᠠᠩᠭᠠᠭᠰᠠᠨ ᠤ ᠠᠩᠬᠠᠨ ᠤ ᠡᠳᠦᠷ᠂ | ᠲᠤᠭᠤᠷᠢᠭ ᠤᠨ ᠳᠡᠳ᠋ ᠳᠠᠷᠤᠭ᠎ᠠ ᠯᠢ ᠰᠢᠨ ᠳ᠋ᠠ ᠰᠢᠨ᠎ᠡ ᠬᠤᠲᠠ ᠲᠣᠭᠤᠷᠢᠭ ᠤᠨ ᠨᠡᠭᠦᠷᠡᠰᠦᠨ ᠤᠲᠤᠭᠠᠨ ᠤ | ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠳᠤᠯᠠᠭᠠᠯᠠᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ | ᠬᠦᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠤᠪᠴᠢᠶ᠎ᠠ ᠶᠢᠨ ᠰᠢᠨ᠎ᠡ ᠬᠤᠲᠠ ᠲᠣᠭᠤᠷᠢᠭ ᠤᠨ | ᠬᠤᠪᠢᠶᠠᠷᠢ ᠲᠤᠪᠴᠢᠶ᠎ᠠ ᠶᠢᠨ ᠳᠠᠷᠤᠭ᠎ᠠ ᠵᠦ ᠷᠦᠢ ᠰᠢᠶᠠᠩ ᠪᠣᠯᠤᠨ ᠲᠤᠪᠴᠢᠶ᠎ᠠ ᠶᠢᠨ ᠳᠡᠳ᠋ ᠳᠠᠷᠤᠭ᠎ᠠ ᠮᠠ ᠰᠢᠨ ᠯᠦᠩ | ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠲᠤᠭᠤᠷᠢᠭ ᠤᠨ ᠳᠡᠳ᠋ ᠳᠠᠷᠤᠭ᠎ᠠ ᠯᠢ ᠰᠢᠨ ᠳ᠋ᠠ ᠨᠠᠷ ᠤᠷᠢᠳ ᠬᠤᠵᠢᠳ ᠱᠠᠨ ᠱᠦᠶ ᠢᠯᠴᠢ ᠶᠢᠨ ᠬᠦᠴᠦᠨ ᠤ | ᠺᠣᠮᠫᠠᠨᠢ᠂ ᠱᠧ ᠵᠢᠶᠠᠨ ᠰᠢᠨ ᠬᠤᠤ ᠴᠢᠨ ᠶᠢᠩ ᠲᠣᠰᠬᠤᠨ ᠤ ᠭᠦᠸᠧᠯᠦ ᠶᠢᠨ ᠭᠡᠷ᠂ ᠺᠠᠶ ᠳ᠋ᠧ ᠴᠧᠩ ᠬᠤᠤ ᠴᠢᠨ | ᠶᠢᠩ ᠪᠠᠯᠭᠠᠰᠤᠨ ᠤ ᠭᠦᠸᠧᠯᠦ ᠶᠢᠨ ᠭᠡᠷ᠂ ᠶᠢᠩ ᠰᠢᠶᠠᠩ ᠭᠦᠸᠧᠯᠦ ᠶᠢᠨ ᠭᠡᠷ᠂ ᠴᠧᠩ ᠹᠡ ᠰᠠᠨ ᠾᠧ ᠲᠣᠰᠬᠤᠨ ᠤ | ᠢᠯᠴᠢ ᠶᠢᠨ ᠬᠦᠴᠦᠨ ᠤ ᠺᠣᠮᠫᠠᠨᠢ᠂ ᠪᠢᠨ ᠱᠦᠶ ᠢᠯᠴᠢ ᠶᠢᠨ ᠬᠦᠴᠦᠨ ᠤ ᠺᠣᠮᠫᠠᠨᠢ᠂ ᠬᠤᠩ ᠯᠢ ᠲᠠᠢ ᠢᠯᠴᠢ ᠶᠢᠨ | ᠬᠦᠴᠦᠨ ᠤ ᠺᠣᠮᠫᠠᠨᠢ᠂ ᠬᠤᠩ ᠺᠦᠨ ᠭᠦᠸᠧᠯᠦ ᠶᠢᠨ ᠭᠡᠷ᠂ ᠹᠦ᠋ ᠲᠠᠢ ᠢᠯᠴᠢ ᠶᠢᠨ ᠬᠦᠴᠦᠨ ᠤ ᠺᠣᠮᠫᠠᠨᠢ ᠵᠡᠷᠭᠡ | ᠨᠡᠶᠢᠲᠡ 9 ᠨᠡᠭᠦᠷᠡᠰᠦᠨ ᠤᠲᠤᠭᠠᠨ ᠤ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ | ᠬᠢᠵᠡᠶ᠃ ᠲᠤᠬᠠᠶ ᠶᠢᠨ ᠲᠠᠯᠠᠪᠠᠢ ᠳᠤ ᠠᠦ᠋ᠲ᠋ᠣᠴᠢᠯᠠᠭᠰᠠᠨ ᠠᠵᠢᠯᠯᠠᠭᠠᠨ ᠤ ᠰᠢᠰᠲ᠋ᠧᠮ ᠶᠢ ᠪᠠᠶᠢᠴᠠᠭᠠᠨ ᠦᠵᠡᠵᠦ᠂ | ᠭᠦᠸᠧᠯᠦ ᠶᠢᠨ ᠭᠡᠷ ᠲᠤ ᠣᠷᠣᠵᠤ ᠳᠤᠯᠠᠭᠠᠯᠠᠭ᠎ᠠ ᠶᠢᠨ ᠪᠦᠷᠬᠦᠴᠡ ᠲᠠᠯᠠᠪᠠᠢ᠂ ᠪᠡᠯᠡᠳᠭᠡᠮᠵᠢ ᠲᠥᠬᠦᠭᠡᠷᠦᠮᠵᠢ ᠶᠢᠨ | ᠠᠵᠢᠯᠯᠠᠭᠠᠨ᠂ ᠨᠡᠭᠦᠷᠡᠰᠦ ᠬᠠᠳᠠᠭᠠᠯᠠᠬᠤ ᠲᠠᠯᠠᠪᠠᠢ᠂ ᠭᠦᠸᠧᠯᠦ ᠶᠢᠨ ᠥᠭᠡᠷᠡᠴᠢᠯᠡᠯᠲᠡ᠂ ᠲᠤᠤᠷᠯᠠᠭᠤᠯᠬᠤ᠂ | ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠵᠤ ᠠᠵᠢᠯᠯᠠᠭᠤᠯᠬᠤ ᠵᠡᠷᠭᠡ ᠬᠠᠮᠢᠶ᠎ᠠ ᠪᠦᠬᠦᠢ | ᠪᠠᠶᠢᠳᠠᠯ ᠢ ᠨᠠᠷᠢᠨ ᠣᠶᠢᠯᠠᠭᠠᠪᠠ᠃ ᠠᠰᠠᠭᠤᠳᠠᠯ ᠢᠯᠡᠷᠡᠭᠦᠯᠪᠡᠯ ᠠᠵᠤ ᠠᠬᠤᠢᠯᠠᠯ ᠢ ᠱᠠᠯᠠᠪᠳᠠᠭᠤᠯᠤᠨ ᠰᠠᠭᠤᠭᠠᠯᠢ | ᠠᠷᠠᠳ ᠤᠨ ᠬᠡᠪ ᠤᠨ ᠳᠤᠯᠠᠭᠠᠯᠠᠭ᠎ᠠ ᠬᠠᠩᠭᠠᠬᠤ ᠶᠢ ᠪᠠᠲᠤᠯᠠᠭᠰᠠᠨ ᠪᠠᠶᠢᠳᠠᠯ ᠳᠣᠤᠷ᠎ᠠ ᠢᠳᠡᠪᠬᠢᠲᠡᠢ ᠴᠡᠭᠴᠡᠯᠡᠨ | ᠰᠠᠶᠢᠵᠢᠷᠠᠭᠤᠯᠵᠤ᠂ ᠠᠷᠠᠳ ᠣᠯᠠᠨ ᠳᠤᠯᠠᠭᠠᠨ ᠡᠪᠦᠯᠵᠢᠬᠦ ᠶᠢ ᠪᠠᠲᠤᠯᠠᠵᠤ᠂ ᠬᠤᠲᠠ ᠶᠢᠨ ᠢᠯᠴᠢ ᠬᠠᠩᠭᠠᠬᠤ | ᠪᠣᠬᠢᠷᠲᠤᠯ ᠦᠭᠡᠢ ᠣᠷᠴᠢᠨ ᠲᠤᠭᠤᠷᠢᠨ ᠢ ᠬᠠᠮᠠᠭᠠᠯᠠᠬᠤ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃ | | | | | | | | | | | | |