ᠦᠴᠦᠸᠠᠨ ᠰᠢᠶᠠᠨ ᠤ ᠬᠢᠨᠠᠨ ᠪᠣᠳᠤᠬᠤ ᠲᠣᠪᠴᠢᠶ᠎ᠠ ︽ᠨᠠᠮ ᠤᠨ ᠤᠯᠤᠰ ᠲᠥᠷᠦ ᠶᠢᠨ ᠪᠥᠲᠦᠭᠡᠨ ᠪᠠᠶᠢᠭᠤᠯᠤᠯᠲᠠ︾᠂ ︽ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾ ᠲᠣᠭᠤᠷᠢᠨ ᠳᠤ ᠲᠤᠰᠬᠠᠢ ᠰᠡᠳᠦᠪᠲᠤ ᠰᠣᠳᠤᠯᠤᠨ ᠶᠠᠷᠢᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-10-18
     ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ  ᠪᠠᠶᠢᠷᠢᠯᠠᠭᠤᠯᠤᠯᠲᠠ ᠶᠢ ᠦᠨᠳᠦᠰᠦᠯᠡᠵᠦ᠂ ᠣᠶᠢᠷ᠎ᠠ ᠳᠤ᠂ ᠦᠴᠤᠸᠠᠨ ᠰᠢᠶᠠᠨ ᠤ ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ︽ᠨᠠᠮ ᠤᠨ ᠤᠯᠤᠰ ᠲᠥᠷᠦ ᠶᠢᠨ ᠪᠠᠶᠢᠭᠤᠯᠤᠯᠲᠠ︾ ᠪᠣᠯᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾ ᠲᠤᠰᠬᠠᠶ ᠰᠡᠳᠦᠪ ᠤᠨ ᠲᠣᠭᠤᠷᠢᠨ ᠳᠤ ᠲᠥᠪᠯᠡᠷᠡᠭᠦᠯᠦᠨ ᠰᠤᠷᠤᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ᠂ ᠲᠥᠪ ᠤᠨ ᠤᠯᠤᠰ ᠲᠥᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ᠂ ᠲᠥᠪ ᠤᠨ ᠪᠠ ᠲᠥᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ᠂ ᠲᠥᠪ ᠤᠨ ᠨᠠᠮ ᠤᠨ ᠰᠤᠷᠭᠠᠭᠤᠯᠢ ᠶᠢᠨ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠣᠯᠠᠨ ᠢᠶᠠᠷ ᠢᠶᠠᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠠᠨᠢᠯᠲᠠ ᠪᠠᠨ ᠶᠠᠷᠢᠵᠤ᠂ ᠲᠥᠷᠥᠭᠳᠡᠯ ᠢᠶᠠᠨ ᠶᠠᠷᠢᠪᠠ᠃ ᠠᠰᠠᠭᠤᠳᠠᠯ ᠡᠷᠢᠵᠦ᠂ ᠵᠥᠷᠢᠶ᠎ᠡ ᠪᠠᠨ ᠡᠷᠢᠵᠦ᠂ ᠰᠡᠳᠬᠢᠴᠡ ᠪᠠᠨ ᠲᠣᠳᠣᠷᠬᠠᠶᠢᠯᠠᠵᠤ᠂ ᠴᠢᠭᠯᠡᠯ ᠢᠶᠠᠨ ᠲᠣᠳᠣᠷᠬᠠᠶᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠶ ᠡᠵᠡᠮᠰᠢᠯ ᠪᠠ ᠣᠶᠢᠯᠠᠭᠠᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢᠶᠠᠨ ᠨᠢᠭᠲᠠᠷᠠᠭᠤᠯᠵᠤ᠂ ᠤᠨᠤᠯ ᠤᠨ ᠰᠤᠷᠤᠯᠴᠠᠯᠭ᠎ᠠ ᠳᠤ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠲᠠᠯ᠎ᠠ ᠪᠠᠷ ᠤᠬᠢᠶᠠᠯ ᠬᠦᠷᠲᠡᠬᠦ ᠵᠢᠱᠢᠭᠰᠡᠨ ᠬᠠᠷᠠᠯᠲᠠ ᠶᠢ ᠪᠡᠶᠡᠯᠡᠭᠦᠯᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠡᠷᠬᠡᠪᠰᠢ ᠤᠯᠤᠰ ᠲᠥᠷᠦ ᠶᠢᠨ ᠪᠠᠶᠢᠭᠤᠯᠤᠯᠲᠠ ᠭᠡᠬᠦ ᠡᠨᠡᠬᠦ ᠦᠨᠳᠦᠰᠦᠨ ᠵᠦᠢᠯ ᠢ ᠴᠢᠩᠭ᠎ᠠ ᠠᠳᠬᠤᠵᠤ᠂ ᠡᠷᠡᠰ ᠪᠠᠲᠤ ᠵᠣᠭᠰᠣᠵᠤ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠪᠡᠶᠡᠯᠡᠭᠦᠯᠵᠦ᠂ ᠵᠣᠷᠢᠯᠲᠠ ᠶᠢᠨ ᠤᠬᠠᠮᠰᠠᠷ ᠢ ᠪᠠᠲᠤ ᠪᠣᠶ ᠪᠣᠯᠭᠠᠬᠤ ᠬᠡᠷᠡᠭᠲᠡᠶ᠃ ᠡᠷᠬᠡᠪᠰᠢ ᠰᠤᠷᠲᠠᠯ ᠤᠨ ᠪᠠᠶᠢᠭᠤᠯᠤᠯᠲᠠ ᠭᠡᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠬᠡᠯᠪᠡᠷᠢᠴᠢ ᠦᠵᠡᠯ ᠪᠣᠯᠤᠨ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠬᠤ ᠬᠡᠷᠡᠭᠲᠡᠶ᠃ ᠡᠷᠬᠡᠪᠰᠢ ᠡᠩᠨᠡᠭᠡᠨ ᠤ ᠪᠠᠶᠢᠭᠤᠯᠤᠯᠲᠠ ᠶᠢᠨ ᠡᠨᠡ ᠬᠦ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢ ᠬᠥᠲᠥᠯᠥᠨ ᠳᠠᠭᠠᠭᠤᠯᠬᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠴᠢᠳᠠᠪᠤᠷᠢ ᠪᠠᠨ ᠨᠡᠮᠡᠭᠳᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠵᠢᠯ ᠬᠢᠵᠦ  ᠦᠢᠯᠡᠰ ᠪᠣᠰᠬᠠᠬᠤ ᠬᠦᠴᠦᠷᠬᠡᠭ ᠶᠡᠭᠡ ᠦᠢᠯᠡᠰ ᠢ ᠬᠦᠴᠦᠯᠡᠨ ᠴᠣᠭᠴᠠᠯᠠᠬᠤ ᠬᠡᠷᠡᠭᠲᠡᠶ᠃ ᠡᠷᠬᠡᠪᠰᠢ ᠡᠨᠡ ᠬᠦ ᠬᠤᠷᠢᠭ᠎ᠠ ᠱᠤᠭᠤᠮ ᠢ ᠪᠠᠲᠤ ᠰᠠᠬᠢᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠳᠦᠷᠢᠮ ᠲᠣᠭᠲᠠᠭᠠᠯ  ᠢ ᠪᠠᠲᠤ ᠪᠠᠬᠢ ᠪᠠᠶᠢᠭᠤᠯᠵᠤ᠂ ᠦᠷᠭᠦᠯᠵᠢᠯᠡᠨ ᠲᠡᠭᠦᠯᠳᠡᠷᠵᠢᠭᠦᠯᠵᠦ᠂ ᠲᠥᠪ ᠴᠢᠬᠡᠴᠢ ᠰᠠᠶᠢᠨ ᠰᠠᠶᠢᠬᠠᠨ ᠤᠯᠤᠰ ᠲᠥᠷᠦ ᠶᠢᠨ ᠠᠮᠢ ᠠᠬᠤᠶ ᠶᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠶ ᠭᠡᠪᠡ᠃ ᠬᠤᠷᠠᠯ ᠠᠴᠠ ᠴᠢᠩᠭᠠᠳᠬᠠᠭᠰᠠᠨ ᠨᠢ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠤᠯᠤᠰ ᠲᠥᠷᠦ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ ᠭᠡᠪᠡ᠃ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠦᠷᠦᠭᠦᠯᠡᠨ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ ᠳᠦᠷᠢᠮ ᠢ ᠨᠠᠶᠢᠳᠠᠪᠤᠷᠢᠵᠢᠭᠤᠯᠬᠤ᠂ ᠲᠦᠷᠦᠭᠦᠯᠡᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠤᠤᠯ ᠰᠡᠳᠦᠪᠲᠦ ᠬᠥᠮᠦᠵᠢᠯ ᠢ ᠣᠳᠣᠬᠠᠨ ᠤ ᠡᠯ᠎ᠡ ᠵᠦᠢᠯ ᠤᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠢᠯᠡᠷᠡᠭᠦᠯᠵᠦ᠂ ᠠᠵᠢᠯᠯᠠᠭ᠎ᠠ ᠶᠢᠨ ᠥᠷᠨᠢᠯᠲᠡ ᠶᠢ ᠨᠠᠩ ᠭᠦᠨᠵᠡᠭᠡᠶ᠂ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ ᠪᠣᠯᠭᠠᠬᠤ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号