ᠰᠢᠨᠬᠤᠧᠠ ᠬᠤᠷᠢᠶ᠎ᠠ ᠪᠡᠭᠡᠵᠢᠩ ᠤᠨ 10 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ︵ | ᠰᠤᠷᠪᠤᠯᠵᠢᠯᠠᠭᠴᠢ ᠱᠢ ᠵᠢᠩ ᠨᠠᠨ︶ ᠰᠤᠷᠪᠤᠯᠵᠢᠯᠠᠭᠴᠢ 16 ᠤ ᠡᠲᠦᠷ ᠪᠡᠭᠡᠵᠢᠩ ᠳᠤ ᠬᠤᠷᠠᠯᠲᠤᠭᠰᠠᠨ ︽ | ᠦᠨᠳᠦᠰᠦᠲᠡᠨ ᠤ ᠤᠳᠬ᠎ᠠ ᠵᠤᠬᠢᠶᠠᠯ︾ ᠤᠨ ᠮᠤᠩᠭᠤᠯ᠂ ᠲᠦᠪᠡᠳ᠂ ᠤᠢᠭᠤᠷ ᠬᠡᠯᠡᠨ ᠤ ᠬᠡᠪᠯᠡᠯ ᠡᠬᠢᠯᠡᠭᠰᠡᠨ ᠠᠷᠪᠠᠨ | ᠵᠢᠯ ᠤᠨ ᠤᠢ ᠶᠢ ᠲᠡᠮᠲᠡᠭᠯᠡᠬᠦ ᠲᠤᠭᠤᠢ ᠰᠢᠷᠡᠭᠡᠨ ᠤ ᠬᠤᠷᠠᠯ ᠠᠴᠠ ᠤᠢᠯᠠᠭᠠᠭᠰᠠᠨ ᠢᠶᠠᠷ᠂ ᠤᠯᠤᠰ ᠤᠨ | ᠲᠤᠲᠤᠭᠠᠲᠤ ᠶᠢᠨ ᠴᠤᠷ ᠤᠨ ᠭᠠᠭᠴᠠ ᠪᠦᠬᠦ ᠤᠯᠤᠰ ᠤᠨ ᠴᠢᠨᠠᠷᠲᠠᠢ ᠴᠦᠬᠡᠨ ᠲᠤᠭᠠᠲᠤ ᠦᠨᠳᠦᠰᠦᠲᠡᠨ ᠤ ᠤᠷᠠᠨ | ᠵᠤᠬᠢᠶᠠᠯ ᠤᠨ ᠰᠠᠷ᠎ᠠ ᠶᠢᠨ ᠰᠡᠳᠬᠦᠯ ᠪᠤᠯᠤᠭᠰᠠᠨ ᠤ ᠬᠤᠪᠢ ᠳᠤ ︽ᠦᠨᠳᠦᠰᠦᠲᠡᠨ ᠤ ᠤᠳᠬ᠎ᠠ ᠵᠤᠬᠢᠶᠠᠯ︾ ᠨᠢ | 2009 ᠤᠨ ᠠᠴᠠ ᠡᠬᠢᠯᠡᠨ ᠮᠤᠩᠭᠤᠯ᠂ ᠲᠦᠪᠡᠳ᠂ ᠤᠢᠭᠤᠷ ᠬᠡᠯᠡᠨ ᠤ ᠬᠡᠪᠯᠡᠯ ᠢ ᠡᠷᠬᠢᠯᠡᠵᠦ᠂ ᠡᠬᠡ | ᠬᠡᠯᠡ ᠪᠠᠷ ᠢᠶᠠᠨ ᠪᠢᠴᠢᠭᠰᠡᠨ 500 ᠤᠷᠴᠢᠮ ᠵᠤᠬᠢᠶᠠᠯ ᠢ ᠨᠡᠢᠲᠡᠯᠡᠨ ᠴᠦᠬᠡᠨ ᠲᠤᠭᠠᠲᠤ ᠦᠨᠳᠦᠰᠦᠲᠡᠨ ᠤ ᠬᠡᠯᠡ ᠲᠠᠢ | ᠤᠩᠰᠢᠭᠴᠢᠳ ᠲᠤ ᠤᠲᠤᠬᠠᠨ ᠤ ᠲᠤᠮᠲᠠᠲᠤ ᠤᠯᠤᠰ ᠤᠨ ᠤᠷᠠᠨ ᠵᠤᠬᠢᠶᠠᠯ ᠤᠨ ᠬᠠᠮᠤᠭ ᠤᠨ ᠰᠢᠨ᠎ᠡ ᠪᠠᠢᠲᠠᠯ ᠢ | ᠤᠢᠯᠠᠭᠠᠭᠤᠯᠤᠨ ᠲᠤᠮᠲᠠᠲᠤ ᠤᠯᠤᠰ ᠤᠨ ᠤᠷᠠᠨ ᠵᠤᠬᠢᠶᠠᠯ ᠤᠨ ᠴᠡᠴᠡᠭᠯᠡᠨ ᠬᠦᠭᠵᠢᠯᠲᠠ ᠶᠢ ᠬᠤᠪᠢᠶᠠᠯᠴᠠᠵᠤ ᠪᠤᠢ᠃ | ︽ᠦᠨᠳᠦᠰᠦᠲᠡᠨ ᠤ ᠤᠳᠬ᠎ᠠ ᠵᠤᠬᠢᠶᠠᠯ︾ ᠰᠡᠳᠬᠦᠯ ᠪᠤᠯ ᠲᠤᠮᠲᠠᠲᠤ ᠤᠯᠤᠰ ᠤᠨ ᠵᠤᠬᠢᠶᠠᠯᠴᠢᠳ ᠤᠨ | ᠡᠪᠯᠡᠯ ᠠᠴᠠ ᠭᠤᠤᠯᠯᠠᠨ ᠬᠠᠮᠢᠶᠠᠷᠴᠤ᠂ ᠲᠤᠮᠲᠠᠲᠤ ᠤᠯᠤᠰ ᠤᠨ ᠵᠤᠬᠢᠶᠠᠯᠴᠢᠳ ᠤᠨ ᠬᠡᠪᠯᠡᠯ ᠤᠨ ᠪᠦᠯᠦᠭᠯᠡᠯ ᠠᠴᠠ | ᠭᠤᠤᠯᠯᠠᠨ ᠡᠷᠬᠢᠯᠡᠵᠦ ᠪᠦᠬᠦᠢ ᠤᠯᠤᠰ ᠤᠨ ᠲᠤᠲᠤᠭᠠᠲᠤ ᠶᠢᠨ ᠴᠤᠷ ᠤᠨ ᠭᠠᠭᠴᠠ ᠪᠦᠬᠦ ᠤᠯᠤᠰ ᠤᠨ ᠴᠢᠨᠠᠷᠲᠠᠢ | ᠴᠦᠬᠡᠨ ᠲᠤᠭᠠᠲᠤ ᠦᠨᠳᠦᠰᠦᠲᠡᠨ ᠤ ᠤᠷᠠᠨ ᠵᠤᠬᠢᠶᠠᠯ ᠤᠨ ᠰᠠᠷ᠎ᠠ ᠶᠢᠨ ᠰᠡᠳᠬᠦᠯ ᠪᠤᠯᠬᠤ ᠶᠤᠮ᠃ ᠬᠢᠲᠠᠳ | ᠬᠡᠪᠯᠡᠯ ᠨᠢ 1981 ᠤᠨ ᠳᠤ ᠬᠡᠪᠯᠡᠯ ᠡᠬᠢᠯᠡᠪᠡ᠃ ︽ᠦᠨᠳᠦᠰᠦᠲᠡᠨ ᠤ ᠤᠳᠬ᠎ᠠ ᠵᠤᠬᠢᠶᠠᠯ︾ ᠰᠡᠳᠬᠦᠯ ᠨᠢ ᠪᠠᠰᠠ | ᠪᠡᠭᠡᠵᠢᠩ᠂ ᠰᠢᠨᠵᠢᠶᠠᠩ᠂ ᠲᠦᠪᠡᠳ᠂ ᠬᠦᠬᠡᠨᠠᠭᠤᠷ᠂ ᠦᠪᠦᠷ ᠮᠤᠩᠭᠤᠯ᠂ ᠭᠠᠨᠰᠤ ᠵᠡᠷᠭᠡ ᠭᠠᠵᠠᠷ ᠲᠤ ᠭᠤᠷᠪᠠᠨ | ᠬᠡᠯᠡᠨ ᠤ ᠬᠡᠪᠯᠡᠯ ᠤᠨ ᠵᠤᠬᠢᠶᠠᠯᠴᠢ ᠤᠷᠴᠢᠭᠤᠯᠤᠭᠴᠢ ᠶᠢᠨ ᠡᠬᠡ ᠪᠢᠴᠢᠭ ᠵᠠᠰᠠᠬᠤ ᠪᠤᠯᠪᠠᠰᠤᠷᠠᠯ ᠤᠨ ᠠᠩᠬᠢ ᠪᠠ | ᠰᠤᠲᠤᠯᠤᠨ ᠶᠠᠷᠢᠯᠴᠠᠬᠤ ᠬᠤᠷᠠᠯ ᠬᠢᠵᠦ ᠴᠦᠬᠡᠨ ᠲᠤᠭᠠᠲᠤ ᠦᠨᠳᠦᠰᠦᠲᠡᠨ ᠤ ᠬᠡᠯᠡᠨ ᠤ ᠵᠤᠬᠢᠶᠠᠯᠴᠢ ᠪᠤᠯᠤᠨ | ᠤᠷᠴᠢᠭᠤᠯᠤᠭᠴᠢ ᠶᠢᠨ ᠤᠷᠠᠨ ᠵᠤᠬᠢᠶᠠᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠦᠨ ᠨᠢᠭᠡ ᠪᠦᠯᠦᠭ ᠤᠷᠠᠨ | ᠵᠤᠬᠢᠶᠠᠯᠴᠢ ᠪᠤᠯᠤᠨ ᠤᠷᠴᠢᠭᠤᠯᠤᠭᠴᠢ ᠬᠦᠮᠦᠵᠢᠬᠦᠯᠦᠭᠰᠡᠨ ᠪᠠᠢᠨ᠎ᠠ᠃ |