︽ᠦᠨᠳᠦᠰᠦᠲᠡᠨ ᠤ ᠤᠳᠬ᠎ᠠ ᠵᠤᠬᠢᠶᠠᠯ︾ ᠤᠨ ᠮᠤᠩᠭᠤᠯ᠂ ᠲᠦᠪᠡᠳ᠂ ᠤᠢᠭᠤᠷ ᠬᠡᠯᠡᠨ ᠤ ᠬᠡᠪᠯᠡᠯ ᠡᠬᠢᠯᠡᠭᠰᠡᠨ ᠠᠷᠪᠠᠨ ᠵᠢᠯ ᠤᠨ ᠲᠤᠷᠰᠢᠲᠠ 500 ᠭᠠᠷᠤᠢ ᠡᠬᠡ ᠬᠡᠯᠡ ᠪᠠᠷ ᠢᠶᠠᠨ ᠪᠢᠴᠢᠭᠰᠡᠨ ᠵᠤᠬᠢᠶᠠᠯ ᠪᠦᠲᠦᠭᠡᠯ ᠢ ᠨᠡᠢᠲᠡᠯᠡᠪᠡ
ᠨᠡᠶᠢᠲᠡᠯᠡᠭᠰᠡᠨ ᠴᠠᠭ᠄
2019/10/18
      ᠰᠢᠨᠬᠤᠧᠠ ᠬᠤᠷᠢᠶ᠎ᠠ ᠪᠡᠭᠡᠵᠢᠩ ᠤᠨ 10 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ︵ᠰᠤᠷᠪᠤᠯᠵᠢᠯᠠᠭᠴᠢ ᠱᠢ ᠵᠢᠩ ᠨᠠᠨ︶ ᠰᠤᠷᠪᠤᠯᠵᠢᠯᠠᠭᠴᠢ 16 ᠤ ᠡᠲᠦᠷ ᠪᠡᠭᠡᠵᠢᠩ ᠳᠤ ᠬᠤᠷᠠᠯᠲᠤᠭᠰᠠᠨ ︽ᠦᠨᠳᠦᠰᠦᠲᠡᠨ ᠤ ᠤᠳᠬ᠎ᠠ ᠵᠤᠬᠢᠶᠠᠯ︾ ᠤᠨ ᠮᠤᠩᠭᠤᠯ᠂ ᠲᠦᠪᠡᠳ᠂ ᠤᠢᠭᠤᠷ ᠬᠡᠯᠡᠨ ᠤ ᠬᠡᠪᠯᠡᠯ ᠡᠬᠢᠯᠡᠭᠰᠡᠨ ᠠᠷᠪᠠᠨ ᠵᠢᠯ ᠤᠨ ᠤᠢ ᠶᠢ ᠲᠡᠮᠲᠡᠭᠯᠡᠬᠦ ᠲᠤᠭᠤᠢ ᠰᠢᠷᠡᠭᠡᠨ ᠤ ᠬᠤᠷᠠᠯ ᠠᠴᠠ ᠤᠢᠯᠠᠭᠠᠭᠰᠠᠨ ᠢᠶᠠᠷ᠂ ᠤᠯᠤᠰ ᠤᠨ ᠲᠤᠲᠤᠭᠠᠲᠤ ᠶᠢᠨ ᠴᠤᠷ ᠤᠨ ᠭᠠᠭᠴᠠ ᠪᠦᠬᠦ ᠤᠯᠤᠰ ᠤᠨ ᠴᠢᠨᠠᠷᠲᠠᠢ ᠴᠦᠬᠡᠨ ᠲᠤᠭᠠᠲᠤ ᠦᠨᠳᠦᠰᠦᠲᠡᠨ ᠤ ᠤᠷᠠᠨ ᠵᠤᠬᠢᠶᠠᠯ ᠤᠨ ᠰᠠᠷ᠎ᠠ ᠶᠢᠨ ᠰᠡᠳᠬᠦᠯ ᠪᠤᠯᠤᠭᠰᠠᠨ ᠤ ᠬᠤᠪᠢ ᠳᠤ ︽ᠦᠨᠳᠦᠰᠦᠲᠡᠨ ᠤ ᠤᠳᠬ᠎ᠠ ᠵᠤᠬᠢᠶᠠᠯ︾ ᠨᠢ 2009 ᠤᠨ ᠠᠴᠠ ᠡᠬᠢᠯᠡᠨ ᠮᠤᠩᠭᠤᠯ᠂ ᠲᠦᠪᠡᠳ᠂ ᠤᠢᠭᠤᠷ ᠬᠡᠯᠡᠨ ᠤ ᠬᠡᠪᠯᠡᠯ ᠢ ᠡᠷᠬᠢᠯᠡᠵᠦ᠂ ᠡᠬᠡ ᠬᠡᠯᠡ ᠪᠠᠷ ᠢᠶᠠᠨ ᠪᠢᠴᠢᠭᠰᠡᠨ 500 ᠤᠷᠴᠢᠮ ᠵᠤᠬᠢᠶᠠᠯ ᠢ ᠨᠡᠢᠲᠡᠯᠡᠨ ᠴᠦᠬᠡᠨ ᠲᠤᠭᠠᠲᠤ ᠦᠨᠳᠦᠰᠦᠲᠡᠨ ᠤ ᠬᠡᠯᠡ ᠲᠠᠢ ᠤᠩᠰᠢᠭᠴᠢᠳ ᠲᠤ ᠤᠲᠤᠬᠠᠨ ᠤ ᠲᠤᠮᠲᠠᠲᠤ ᠤᠯᠤᠰ ᠤᠨ ᠤᠷᠠᠨ ᠵᠤᠬᠢᠶᠠᠯ ᠤᠨ ᠬᠠᠮᠤᠭ ᠤᠨ ᠰᠢᠨ᠎ᠡ ᠪᠠᠢᠲᠠᠯ ᠢ ᠤᠢᠯᠠᠭᠠᠭᠤᠯᠤᠨ ᠲᠤᠮᠲᠠᠲᠤ ᠤᠯᠤᠰ ᠤᠨ ᠤᠷᠠᠨ ᠵᠤᠬᠢᠶᠠᠯ ᠤᠨ ᠴᠡᠴᠡᠭᠯᠡᠨ ᠬᠦᠭᠵᠢᠯᠲᠠ ᠶᠢ ᠬᠤᠪᠢᠶᠠᠯᠴᠠᠵᠤ ᠪᠤᠢ᠃      ︽ᠦᠨᠳᠦᠰᠦᠲᠡᠨ ᠤ ᠤᠳᠬ᠎ᠠ ᠵᠤᠬᠢᠶᠠᠯ︾ ᠰᠡᠳᠬᠦᠯ ᠪᠤᠯ ᠲᠤᠮᠲᠠᠲᠤ ᠤᠯᠤᠰ ᠤᠨ ᠵᠤᠬᠢᠶᠠᠯᠴᠢᠳ ᠤᠨ ᠡᠪᠯᠡᠯ ᠠᠴᠠ ᠭᠤᠤᠯᠯᠠᠨ ᠬᠠᠮᠢᠶᠠᠷᠴᠤ᠂ ᠲᠤᠮᠲᠠᠲᠤ ᠤᠯᠤᠰ ᠤᠨ ᠵᠤᠬᠢᠶᠠᠯᠴᠢᠳ ᠤᠨ ᠬᠡᠪᠯᠡᠯ ᠤᠨ ᠪᠦᠯᠦᠭᠯᠡᠯ ᠠᠴᠠ ᠭᠤᠤᠯᠯᠠᠨ ᠡᠷᠬᠢᠯᠡᠵᠦ ᠪᠦᠬᠦᠢ ᠤᠯᠤᠰ ᠤᠨ ᠲᠤᠲᠤᠭᠠᠲᠤ ᠶᠢᠨ ᠴᠤᠷ ᠤᠨ ᠭᠠᠭᠴᠠ ᠪᠦᠬᠦ ᠤᠯᠤᠰ ᠤᠨ ᠴᠢᠨᠠᠷᠲᠠᠢ ᠴᠦᠬᠡᠨ ᠲᠤᠭᠠᠲᠤ ᠦᠨᠳᠦᠰᠦᠲᠡᠨ ᠤ ᠤᠷᠠᠨ ᠵᠤᠬᠢᠶᠠᠯ ᠤᠨ ᠰᠠᠷ᠎ᠠ ᠶᠢᠨ ᠰᠡᠳᠬᠦᠯ ᠪᠤᠯᠬᠤ ᠶᠤᠮ᠃ ᠬᠢᠲᠠᠳ ᠬᠡᠪᠯᠡᠯ ᠨᠢ 1981 ᠤᠨ ᠳᠤ ᠬᠡᠪᠯᠡᠯ ᠡᠬᠢᠯᠡᠪᠡ᠃ ︽ᠦᠨᠳᠦᠰᠦᠲᠡᠨ ᠤ ᠤᠳᠬ᠎ᠠ ᠵᠤᠬᠢᠶᠠᠯ︾ ᠰᠡᠳᠬᠦᠯ ᠨᠢ ᠪᠠᠰᠠ ᠪᠡᠭᠡᠵᠢᠩ᠂ ᠰᠢᠨᠵᠢᠶᠠᠩ᠂ ᠲᠦᠪᠡᠳ᠂ ᠬᠦᠬᠡᠨᠠᠭᠤᠷ᠂ ᠦᠪᠦᠷ ᠮᠤᠩᠭᠤᠯ᠂ ᠭᠠᠨᠰᠤ ᠵᠡᠷᠭᠡ ᠭᠠᠵᠠᠷ ᠲᠤ ᠭᠤᠷᠪᠠᠨ ᠬᠡᠯᠡᠨ ᠤ ᠬᠡᠪᠯᠡᠯ ᠤᠨ ᠵᠤᠬᠢᠶᠠᠯᠴᠢ ᠤᠷᠴᠢᠭᠤᠯᠤᠭᠴᠢ ᠶᠢᠨ ᠡᠬᠡ ᠪᠢᠴᠢᠭ ᠵᠠᠰᠠᠬᠤ ᠪᠤᠯᠪᠠᠰᠤᠷᠠᠯ ᠤᠨ ᠠᠩᠬᠢ ᠪᠠ ᠰᠤᠲᠤᠯᠤᠨ ᠶᠠᠷᠢᠯᠴᠠᠬᠤ ᠬᠤᠷᠠᠯ ᠬᠢᠵᠦ ᠴᠦᠬᠡᠨ ᠲᠤᠭᠠᠲᠤ ᠦᠨᠳᠦᠰᠦᠲᠡᠨ ᠤ ᠬᠡᠯᠡᠨ ᠤ ᠵᠤᠬᠢᠶᠠᠯᠴᠢ ᠪᠤᠯᠤᠨ ᠤᠷᠴᠢᠭᠤᠯᠤᠭᠴᠢ ᠶᠢᠨ ᠤᠷᠠᠨ ᠵᠤᠬᠢᠶᠠᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠦᠨ ᠨᠢᠭᠡ ᠪᠦᠯᠦᠭ ᠤᠷᠠᠨ ᠵᠤᠬᠢᠶᠠᠯᠴᠢ ᠪᠤᠯᠤᠨ ᠤᠷᠴᠢᠭᠤᠯᠤᠭᠴᠢ ᠬᠦᠮᠦᠵᠢᠬᠦᠯᠦᠭᠰᠡᠨ ᠪᠠᠢᠨ᠎ᠠ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ