ᠬᠦᠬᠡᠬᠤᠳᠠ ᠬᠤᠲᠠ ᠪᠠᠯᠭᠠᠰᠤᠨ ᠤ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠮᠥᠩᠭᠦ ᠶᠢ 1857.3 ᠲᠦᠮᠡᠨ ᠲᠦᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2019-10-21
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠰᠤᠷᠪᠤᠯᠵᠢᠯᠠᠭᠴᠢ 10 ᠰᠠᠷ᠎ᠠ ᠶᠢᠨ 18 ᠤ ᠡᠳᠦᠷ ᠬᠦᠬᠡᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠭᠠᠭᠰᠠᠨ ᠢᠶᠠᠷ᠂ ᠣᠶᠢᠷ᠎ᠠ ᠳᠤ᠂ ᠲᠤᠰ ᠲᠣᠪᠴᠢᠶ᠎ᠠ 2019 ᠣᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠮᠥᠩᠭᠦ ᠶᠢᠨ ᠲᠥᠰᠦᠪ ᠤᠨ ᠭᠦᠢᠴᠡᠳᠬᠡᠯ ᠲᠤᠭ᠎ᠠ ᠶᠤᠰᠤᠭᠠᠷ 1857.3 ᠲᠦᠮᠡᠨ ᠲᠥᠭᠦᠷᠢᠭ ᠪᠠᠭᠤᠯᠭᠠᠪᠠ᠃      ᠡᠳᠡᠭᠡᠷ ᠪᠡᠯᠡ ᠮᠦᠩᠭᠦ ᠶᠢ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠢᠶᠠᠷ ᠬᠢᠨᠠᠨ ᠲᠣᠭᠲᠠᠭᠠᠭᠰᠠᠨ 2018 ᠣᠨ ᠪᠦᠬᠦ ᠣᠷᠣᠨ ᠤ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠪᠠᠯᠭᠠᠰᠤ ᠠᠴᠠ ᠳᠡᠭᠡᠭᠰᠢᠬᠢ ᠬᠤᠲᠠ ᠪᠠᠯᠭᠠᠰᠤ ︵ᠬᠤᠲᠠ᠂ ᠲᠣᠭᠤᠷᠢᠭ︶ ᠶᠢᠨ ᠣᠯᠠᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠨ ᠪᠠᠶᠢᠭᠤᠯᠵᠤ ᠠᠵᠢᠯ ᠳᠠᠭᠤᠰᠬᠠᠬᠰᠠᠨ ᠲᠥᠷᠥᠯ ᠵᠦᠢᠯ ᠵᠢᠴᠢ 2019 ᠣᠨ ᠤ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠳᠤ ᠬᠡᠷᠡᠭᠯᠡᠨ᠎ᠡ᠃ ᠣᠶᠢᠯᠭᠠᠭᠰᠠᠨ ᠢᠶᠠᠷ᠂ ᠲᠣᠰ ᠵᠦᠢᠯ ᠤᠨ ᠣᠯᠠᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠮᠥᠩᠭᠦ ᠪᠥᠬᠦ ᠬᠤᠲᠠ ᠶᠢ ᠬᠠᠮᠤᠷᠴᠤ᠂ ᠡᠭᠦᠨ ᠳᠤ ᠬᠤᠲᠠ ᠶᠢᠨ ᠲᠣᠰ ᠱᠠᠲᠤᠨ ᠤ 223.83 ᠲᠦᠮᠡᠨ ᠲᠥᠭᠦᠷᠢᠭ᠂ ᠷᠦ᠋ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 27 ᠲᠦᠮᠡᠨ ᠲᠥᠭᠦᠷᠢᠭ᠂ ᠢᠦᠢ ᠴᠢᠤᠸᠠᠨ ᠲᠣᠭᠤᠷᠢᠭ ᠤᠨ 928.5 ᠲᠦᠮᠡᠨ ᠲᠥᠭᠦᠷᠢᠭ᠂ ᠬᠤᠲᠣᠩ ᠲᠣᠭᠤᠷᠢᠭ ᠤᠨ 320 ᠲᠦᠮᠡᠨ ᠲᠥᠭᠦᠷᠢᠭ᠂ ᠰᠠᠶᠢᠬᠠᠨ ᠲᠣᠭᠤᠷᠢᠭ ᠤᠨ 244 ᠲᠦᠮᠡᠨ ᠲᠥᠭᠦᠷᠢᠭ᠂ ᠬᠤᠷᠢᠨᠭᠡᠷ ᠰᠢᠶᠠᠨ ᠤ 24.6 ᠲᠦᠮᠡᠨ ᠲᠥᠭᠦᠷᠢᠭ᠂ ᠴᠢᠩ ᠱᠦᠢ ᠾᠧ ᠰᠢᠶᠠᠨ ᠤ 39.5 ᠲᠦᠮᠡᠨ ᠲᠥᠭᠦᠷᠢᠭ᠂ ᠲᠦᠮᠡᠳ ᠵᠡᠭᠦᠨ ᠬᠤᠰᠢᠭᠤᠨ ᠤ 34.05 ᠲᠦᠮᠡᠨ ᠲᠥᠭᠦᠷᠢᠭ᠂ ᠲᠣᠭᠲᠠᠬᠤ ᠰᠢᠶᠠᠨ ᠤ 7.9 ᠲᠦᠮᠡᠨ ᠲᠥᠭᠦᠷᠢᠭ᠂ ᠦᠴᠦᠸᠠᠨ ᠰᠢᠶᠠᠨ ᠤ 7.92 ᠲᠦᠮᠡᠨ ᠲᠥᠭᠦᠷᠢᠭ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号