| | | | | | 10 ᠰᠠᠷ᠎ᠠ ᠶᠢᠨ 16 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ | ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ | ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ | ᠨᠠᠮ ᠤᠨ ᠬᠤᠷᠢᠶ᠎ᠠ ᠶᠢᠨ ᠱᠦᠵᠢ ᠶᠦᠨ ᠬᠠᠢ ᠣᠶᠢᠷ᠎ᠠ ᠶᠢᠨ ᠬᠤᠭᠤᠴᠠᠭᠠᠨ ᠤ ᠥᠪᠡᠷ ᠤᠨ ᠰᠤᠷᠤᠯᠴᠠᠭᠰᠠᠨ | ᠣᠶᠢᠯᠠᠭᠠᠯᠲᠠ ᠲᠠᠢ ᠪᠠᠨ ᠤᠶᠠᠯᠳᠤᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠴᠠᠭ ᠦᠶ᠎ᠡ ᠶᠢᠨ ᠬᠤᠰᠢᠭᠤᠴᠢ ᠪᠣᠯᠬᠤ ᠪᠠᠷ | ᠴᠢᠷᠮᠠᠶᠢᠶ᠎ᠠ︾ ᠭᠡᠬᠦ ᠰᠡᠳᠦᠪ ᠢᠶᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭᠠᠨ ᠤ ᠦᠵᠡᠯ ᠰᠠᠨᠠᠭ᠎ᠠ | ᠠᠭᠤᠯᠤᠭᠳᠠᠬᠤᠨ᠂ ᠴᠠᠭ ᠦᠶ᠎ᠡ ᠶᠢᠨ ᠠᠴᠢ ᠬᠤᠯᠪᠣᠭᠳᠠᠯ ᠵᠢᠴᠢ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ | ᠬᠠᠷᠢᠭᠤᠴᠠᠯᠭ᠎ᠠ ᠡᠭᠦᠷᠭᠡᠯᠡᠬᠦ ᠪᠠ ᠬᠡᠷᠡᠭᠵᠢᠭᠦᠯᠬᠦ ᠬᠦᠴᠦᠨ ᠤ ᠬᠠᠷᠢᠴᠠᠭ᠎ᠠ ᠶᠢ ᠬᠡᠷᠬᠢᠨ ᠦᠢᠯᠡᠳᠦᠯᠭᠡᠵᠢᠭᠦᠯᠬᠦ ᠲᠤᠬᠠᠶ | ᠪᠥᠬᠦ ᠰᠢᠶᠠᠨ ᠤ ᠭᠠᠵᠠᠷ ᠤᠨ ᠳᠡᠰ ᠠᠴᠠ ᠳᠡᠭᠡᠭᠰᠢᠬᠢ ᠺᠠᠳ᠋ᠷ᠂ ᠡᠯ᠎ᠡ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ | ᠱᠦᠵᠢ᠂ ᠰᠢᠶᠠᠩ ᠪᠠᠯᠭᠠᠰᠤ ᠶᠢᠨ ᠳᠠᠷᠤᠭ᠎ᠠ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠳᠤ ᠨᠢᠭᠡ | ᠤᠳᠠᠭᠠᠨ ᠤ ᠭᠤᠶᠢᠳᠠ ᠰᠠᠶᠢᠬᠠᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠤᠪᠠ᠃ ᠲᠤᠰᠬᠠᠶ ᠰᠡᠳᠦᠪᠲᠦ | ᠨᠠᠮ ᠤᠨ ᠬᠢᠴᠢᠶᠡᠯ ᠢ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ | ᠡᠷᠬᠢᠯᠡᠪᠡ᠃ | ᠶᠦᠨ ᠬᠠᠢ ᠴᠢᠬᠤᠯᠠᠴᠢᠯᠠᠭᠰᠠᠨ ᠨᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ | ᠬᠡᠷᠡᠭᠵᠢᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠰᠢᠭᠤᠴᠢ ᠠᠩᠭᠢ ᠶᠢᠨ ᠰᠢᠨᠵᠢ ᠴᠢᠨᠠᠷ ᠠᠴᠠ | ᠲᠣᠭᠲᠠᠭᠠᠭᠳᠠᠭᠰᠠᠨ ᠶᠤᠮ︔ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠡᠷᠬᠡ | ᠬᠠᠲᠠᠭᠤᠵᠢᠯᠲᠤ ᠴᠢᠨᠠᠷ ᠪᠠ ᠪᠣᠳᠤᠯᠢᠶᠠᠨᠲᠤ ᠴᠢᠨᠠᠷ ᠠᠴᠠ ᠲᠣᠭᠲᠠᠭᠠᠭᠳᠠᠭᠰᠠᠨ ᠶᠤᠮ︔ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠯᠤᠰ ᠲᠥᠷᠥ ᠶᠢᠨ ᠮᠦᠨ ᠴᠢᠨᠠᠷ ᠠᠴᠠ ᠲᠣᠭᠲᠠᠭᠠᠭᠳᠠᠭᠰᠠᠨ ᠶᠤᠮ᠃ ᠵᠠᠰᠠᠭ ᠶᠠᠪᠤᠭᠤᠯᠬᠤ ᠶᠢᠨ | ᠵᠠᠩᠭᠢᠯᠠᠭ᠎ᠠ ᠨᠢ ᠬᠡᠷᠡᠭᠵᠢᠭᠦᠯᠦᠨ ᠨᠠᠶᠢᠳᠠᠪᠤᠷᠢᠵᠢᠭᠤᠯᠬᠤ ᠳᠤ ᠪᠠᠶᠢᠨ᠎ᠠ᠃ ᠬᠡᠷᠡᠭᠵᠢᠭᠦᠯᠬᠦ ᠬᠦᠴᠦᠨ ᠦᠭᠡᠢ ᠪᠣᠯ | ᠨᠢᠭᠲᠠᠷᠠᠯ ᠤᠨ ᠬᠦᠴᠦᠨ ᠪᠠᠶᠢᠵᠤ ᠴᠢᠳᠠᠬᠤ ᠦᠭᠡᠢ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠᠶᠢᠵᠤ ᠴᠢᠳᠠᠬᠤ | ᠦᠭᠡᠢ᠂ ᠬᠥᠭᠵᠢᠯᠲᠡ ᠶᠢᠨ ᠬᠦᠴᠦᠨ ᠪᠠᠶᠢᠵᠤ ᠴᠢᠳᠠᠬᠤ ᠦᠭᠡᠢ ᠶᠤᠮ᠃ ᠨᠢᠭᠡ ᠲᠥᠷᠥ ᠶᠢᠨ ᠨᠠᠮ᠂ ᠨᠢᠭᠡ ᠤᠯᠤᠰ | ᠳᠠᠷᠤᠶ ᠥᠨᠢ ᠤᠳᠠᠭᠠᠨ ᠠᠮᠤᠷ ᠲᠦᠪᠰᠢᠨ ᠪᠠᠶᠢᠬᠤ ᠲᠥᠷᠥ ᠪᠠᠷᠢᠬᠤ ᠰᠠᠭᠤᠷᠢ ᠪᠠᠨ ᠠᠯᠳᠠᠬᠤ ᠪᠣᠯᠤᠨ᠎ᠠ᠃ | ᠬᠤᠪᠢᠰᠬᠠᠯ ᠤᠨ ᠤᠳᠤᠷᠢᠳᠤᠭᠴᠢ ᠪᠠ ᠬᠤᠭᠤᠴᠠᠭ᠎ᠠ ᠪᠦᠷᠢ ᠶᠢᠨ ᠲᠥᠪ ᠬᠤᠷᠢᠶᠠᠨ ᠤ ᠤᠳᠤᠷᠢᠳᠤᠯᠭ᠎ᠠ ᠶᠢᠨ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠨᠠᠶᠢᠳᠠᠪᠤᠷᠢᠵᠢᠭᠤᠯᠤᠯᠲᠠ ᠶᠢ ᠬᠡᠷᠡᠭᠵᠢᠭᠦᠯᠬᠦ ᠲᠤᠬᠠᠶ ᠥᠭᠦᠯᠡᠯᠲᠡ ᠶᠢ | ᠳᠠᠬᠢᠨ ᠡᠷᠭᠢᠴᠡᠭᠦᠯᠵᠦ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠪᠢᠳᠡ ᠭᠦᠨᠵᠡᠭᠡᠶ ᠲᠠᠨᠢᠵᠤ ᠣᠯᠪᠠ᠄ ᠺᠠᠳ᠋ᠷ ᠲᠤ ᠠᠪᠴᠤ ᠬᠡᠯᠡᠪᠡᠯ᠂ ᠬᠡᠷᠡᠭᠵᠢᠭᠦᠯᠬᠦ ᠬᠦᠴᠦᠨ ᠪᠣᠯ ᠳᠠᠷᠤᠶ | ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶ ᠣᠨᠣᠪᠴᠢᠲᠠᠶ ᠨᠠᠶᠢᠳᠠᠪᠤᠷᠢᠵᠢᠭᠤᠯᠬᠤ᠂ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠲᠣᠭᠲᠠᠭᠰᠠᠨ ᠴᠠᠭ ᠲᠠᠭᠠᠨ ᠲᠤᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠶᠠᠪᠤᠳᠠᠯ | ᠪᠣᠯᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠪᠣᠯ ᠢᠮᠠᠭᠲᠠ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠴᠢᠬᠤᠯᠠ ᠰᠠᠭᠤᠷᠢ ᠮᠥᠨ︔ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠲᠤ ᠲᠠᠯᠪᠢᠬᠤ ᠬᠠᠮᠤᠭ ᠤᠨ ᠦᠨᠳᠦᠰᠦᠨ ᠱᠠᠭᠠᠷᠳᠠᠯᠭ᠎ᠠ ᠮᠥᠨ︔ ᠠᠵᠢᠯ ᠢᠶᠠᠨ ᠰᠠᠶᠢᠲᠤᠷ | ᠬᠢᠬᠦ ᠶᠢᠨ ᠬᠠᠮᠤᠭ ᠤᠨ ᠪᠣᠳᠠᠲᠠᠶ ᠬᠡᠷᠡᠭᠴᠡᠭᠡ ᠮᠥᠨ︔ ᠳᠦᠷᠢᠮ ᠦᠨᠲ᠋ᠤᠲᠠᠭᠳᠠᠯ ᠢ ᠨᠥᠬᠦᠪᠥᠷᠢᠯᠡᠬᠦ ᠪᠣᠯ ᠬᠠᠮᠤᠭ ᠤᠨ | ᠪᠥᠲᠦᠮᠵᠢᠲᠠᠢ ᠠᠷᠭ᠎ᠠ ᠵᠠᠮ ᠮᠥᠨ᠃ ᠶᠦᠨ ᠬᠠᠢ ᠨᠥᠬᠦᠷ ᠵᠠᠷᠢᠮ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ | ᠡᠭᠦᠷᠭᠡᠯᠡᠬᠦ ᠦᠭᠡᠢ᠂ ᠬᠡᠷᠡᠭᠵᠢᠭᠦᠯᠬᠦ ᠦᠭᠡᠢ᠂ ᠳᠤᠷ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠬᠦ᠂ ᠳᠤᠷ᠎ᠠ ᠪᠠᠷ ᠢᠶᠠᠨ | ᠬᠡᠷᠡᠭᠵᠢᠭᠦᠯᠬᠦ᠂ ᠠᠯᠭᠤᠷᠯᠠᠨ ᠡᠭᠦᠷᠭᠡᠯᠡᠬᠦ᠂ ᠤᠳᠠᠭᠠᠰᠢᠷᠠᠭᠤᠯᠤᠨ ᠬᠡᠷᠡᠭᠵᠢᠭᠦᠯᠬᠦ᠂ ᠵᠥᠭᠡᠯᠡᠨ ᠡᠭᠦᠷᠭᠡᠯᠡᠬᠦ᠂ ᠵᠥᠭᠡᠯᠡᠨ | ᠭᠦᠢᠴᠡᠳᠬᠡᠬᠦ ᠵᠡᠷᠭᠡ ᠠᠯᠢ ᠣᠯᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠢᠭᠰᠠᠭᠠᠨ ᠲᠣᠭᠠᠴᠢᠬᠤ ᠪᠠᠷ ᠳᠠᠮᠵᠢᠨ᠂ | ᠺᠠᠳ᠋ᠷ ᠤᠨ ᠢᠲᠡᠭᠡᠯ ᠪᠢᠰᠢᠷᠡᠯ ᠢᠶᠠᠨ ᠠᠯᠳᠠᠭᠰᠠᠨ᠂ ᠤᠭ ᠰᠠᠨᠠᠭ᠎ᠠ ᠪᠠᠨ ᠮᠠᠷᠲᠠᠭᠰᠠᠨ ᠢ ᠰᠢᠰᠲ᠋ᠧᠮ ᠲᠠᠢ ᠲᠣᠳᠣᠷᠬᠠᠶᠢᠯᠠᠨ | ᠥᠭᠦᠯᠡᠪᠡ᠃ ᠲᠡᠷᠡᠴᠢᠯᠡᠨ ᠠᠰᠠᠭᠤᠳᠠᠯ ᠢ ᠡᠷᠢᠵᠦ ᠡᠷᠢᠬᠦ ᠨᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ | ᠠᠰᠠᠭᠤᠳᠠᠯ ᠢ ᠵᠠᠳᠠᠯᠬᠤ ᠨᠢ ᠠᠰᠠᠭᠤᠳᠠᠯ ᠢ ᠰᠢᠢᠳᠪᠦᠷᠢᠯᠡᠬᠦ ᠰᠠᠶᠢᠨ ᠠᠷᠭ᠎ᠠ ᠶᠢ ᠡᠷᠢᠵᠦ ᠣᠯᠬᠤ ᠳᠤ ᠠᠰᠢᠭᠲᠠᠢ | ᠭᠡᠵᠦ ᠵᠢᠭᠠᠵᠤ ᠭᠠᠷᠭᠠᠪᠠ᠃ ᠣᠳᠣᠬᠠᠨ ᠳᠤ᠂ ᠮᠠᠨ ᠤ ᠰᠢᠶᠠᠨ ᠤ ᠡᠯ᠎ᠡ ᠵᠦᠢᠯ ᠤᠨ ᠦᠢᠯᠡᠰ ᠶᠠᠭ ᠲᠡᠤᠬᠡ ᠶᠢᠨ | ᠪᠣᠭᠤᠮᠲᠠ ᠳᠤ ᠣᠷᠣᠰᠢᠵᠤ᠂ ᠠᠵᠠ ᠲᠣᠬᠢᠶᠠᠯ ᠥᠷᠢᠰᠥᠯᠳᠦᠭᠡᠨ ᠵᠡᠷᠭᠡᠪᠡᠷ ᠣᠷᠣᠰᠢᠵᠤ ᠪᠠᠶᠢᠨ᠎ᠠ᠃ ᠪᠢᠳᠡ ᠣᠳᠣᠬᠢ | ᠪᠠᠶᠢᠳᠠᠯ ᠪᠣᠯᠤᠨ ᠨᠢᠭᠡᠨᠲᠡ ᠣᠯᠤᠭᠰᠠᠨ ᠠᠮᠵᠢᠯᠲᠠ ᠳᠤ ᠪᠠᠨ ᠶᠠᠭᠠᠬᠢᠭᠰᠠᠨ ᠴᠤ ᠬᠠᠨᠤᠵᠤ ᠪᠣᠯᠬᠤ ᠦᠭᠡᠢ᠂ ᠴᠢᠨᠠᠷ | ᠰᠠᠶᠢᠲᠠᠶ ᠬᠥᠭᠵᠢᠯᠲᠡ ᠶᠢ ᠴᠢᠩᠭᠠᠳᠬᠠᠬᠤ ᠪᠠᠴᠢᠮᠠᠭ ᠲᠤᠯᠭᠠᠮ᠎ᠠ ᠰᠡᠳᠭᠢᠯᠭᠡ ᠪᠣᠯᠤᠨ ᠬᠠᠷᠢᠭᠤᠴᠠᠯᠭᠠᠲᠤ | ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ | ᠵᠣᠷᠢᠭᠲᠠᠶ ᠪᠠᠷ ᠬᠡᠷᠡᠭᠵᠢᠭᠦᠯᠬᠦ᠂ ᠭᠡᠷᠡᠯ ᠰᠠᠴᠤᠷᠠᠩᠭᠤᠶ ᠠᠮᠵᠢᠯᠲᠠ ᠶᠢ ᠳᠠᠬᠢᠨ ᠡᠭᠦᠳᠬᠦ ᠠᠤᠭ᠎ᠠ ᠰᠠᠨᠠᠭ᠎ᠠ ᠡᠷᠡᠯᠬᠡᠭ | ᠵᠣᠷᠢᠭ ᠢ ᠪᠣᠶ ᠪᠣᠯᠭᠠᠵᠤ᠂ ᠤᠬᠠᠮᠰᠠᠷᠲᠤ ᠬᠦᠴᠦᠨ᠂ ᠰᠡᠳᠬᠢᠬᠦ ᠬᠦᠴᠦᠨ᠂ ᠪᠣᠳᠠᠲᠤ ᠬᠦᠴᠦᠨ ᠢ ᠣᠷᠭᠠᠨᠢᠭ ᠢᠶᠠᠷ | ᠠᠭᠤᠰᠤᠯᠴᠠᠭᠤᠯᠬᠤ ᠬᠡᠷᠡᠭᠲᠡᠶ᠃ ᠬᠤᠪᠢᠰᠤᠩᠭᠤᠶ ᠠᠷᠭ᠎ᠠ ᠶᠢ ᠰᠠᠶᠢᠲᠤᠷ ᠰᠤᠷᠤᠯᠴᠠᠵᠤ᠂ ᠰᠡᠳᠬᠢᠬᠦ ᠴᠢᠳᠠᠪᠤᠷᠢ ᠪᠠᠨ | ᠨᠡᠮᠡᠭᠳᠡᠭᠦᠯᠵᠦ᠂ ︽ᠣᠩᠭᠤᠴᠠ︾ ᠪᠠ ︽ᠬᠥᠭᠦᠷᠭᠡ︾ ᠶᠢ ᠰᠠᠶᠢᠲᠤᠷ ᠪᠠᠶᠢᠭᠤᠯᠵᠤ᠂ ᠪᠣᠳᠠᠲᠤ ᠬᠦᠴᠦᠨ ᠢᠶᠠᠨ | ᠨᠡᠮᠡᠭᠳᠡᠭᠦᠯᠬᠦ ᠬᠡᠷᠡᠭᠲᠡᠶ᠃ ᠥᠪᠡᠷ ᠢ ᠪᠠᠨ ᠦᠷᠡᠭᠳᠡᠭᠦᠯᠬᠦ ᠡᠭᠦᠷᠭᠡᠯᠡᠯ ᠪᠠᠶᠢᠬᠤ ᠬᠡᠷᠡᠭᠲᠡᠶ᠂ ᠬᠦᠴᠢᠷ ᠢ ᠰᠥᠷᠦᠨ | ᠤᠷᠤᠭᠰᠢᠯᠠᠬᠤ ᠰᠥᠰᠥ ᠵᠣᠷᠢᠭ ᠲᠠᠢ ᠪᠠᠶᠢᠬᠤ ᠬᠡᠷᠡᠭᠲᠡᠶ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ | ᠰᠤᠷᠲᠠᠯ ᠲᠠᠢ ᠪᠠᠶᠢᠬᠤ ᠬᠡᠷᠡᠭᠲᠡᠶ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠬᠠᠲᠠᠭᠤ ᠵᠣᠷᠢᠭ ᠲᠠᠢ ᠪᠠᠶᠢᠬᠤ ᠬᠡᠷᠡᠭᠲᠡᠶ | ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠺᠠᠳ᠋ᠷ ᠤᠨ ᠡᠩᠨᠡᠭᠡᠨ ᠤ ᠬᠠᠷᠢᠭᠤᠴᠠᠯᠭ᠎ᠠ | ᠡᠭᠦᠷᠭᠡᠯᠡᠨ ᠬᠡᠷᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠪᠡ᠃ | ᠶᠦᠨ ᠬᠠᠢ ᠴᠢᠬᠤᠯᠠᠴᠢᠯᠠᠭᠰᠠᠨ ᠨᠢ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠪᠣᠯ ᠣᠳᠣᠬᠠᠨ ᠤ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠬᠠᠮᠤᠭ ᠤᠨ ᠲᠤᠯᠭᠠᠮ᠎ᠠ ᠡᠭᠦᠷᠭᠡ ᠮᠥᠨ᠂ ᠨᠠᠩ ᠴᠤ ᠦᠴᠤᠸᠠᠨ ᠤ | ᠠᠯᠤᠰ ᠬᠡᠲᠦ ᠶᠢᠨ ᠬᠥᠭᠵᠢᠯᠲᠡ ᠶᠢᠨ ᠲᠤᠯᠭᠠᠮ᠎ᠠ ᠱᠠᠭᠠᠷᠳᠠᠯᠭ᠎ᠠ ᠮᠥᠨ᠂ ᠨᠢᠭᠡ ᠵᠦᠢᠯ ᠤᠨ ᠪᠡᠷᠬᠡ ᠬᠠᠲᠠᠭᠤᠵᠢᠯᠲᠠᠶ | ᠰᠠᠭᠤᠷᠢ ᠠᠵᠢᠯ ᠮᠥᠨ᠃ ᠰᠠᠭᠤᠷᠢ ᠪᠠᠲᠤ ᠪᠢᠰᠢ ᠪᠣᠯ ᠠᠯᠢᠪᠠ ᠪᠦᠬᠦᠨ ᠴᠥᠮ ᠲᠠᠯᠠᠭᠠᠷ ᠪᠣᠯᠤᠨ᠎ᠠ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ ᠪᠢᠳᠡ ᠰᠢ ᠶᠢᠨ | ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠡᠷᠡᠭᠵᠢᠭᠦᠯᠬᠦ | ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠣᠶᠢᠯᠠᠭᠠᠭᠳᠠᠬᠤᠨ ᠢ ᠪᠣᠶ | ᠪᠣᠯᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠵᠦ᠂ ︽ᠠᠮᠢ ᠠᠬᠤᠶ ᠪᠠᠷ ᠰᠢᠶᠠᠨ ᠢ ᠪᠠᠶᠢᠭᠤᠯᠵᠤ᠂ ᠪᠣᠬᠢᠷᠲᠤᠯ ᠦᠭᠡᠢ ᠪᠠᠷ ᠰᠢᠶᠠᠨ ᠢ | ᠬᠦᠴᠦᠷᠬᠡᠭᠵᠢᠭᠦᠯᠬᠦ︾ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠪᠡ᠃ | | ᠶᠢᠨ ᠴᠦᠨ ᠯᠢᠶᠠᠩ ᠱᠠᠭᠠᠷᠳᠠᠭᠰᠠᠨ ᠨᠢ᠂ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ | ᠵᠣᠭᠰᠤᠯᠲᠠ ᠪᠠᠨ ᠳᠡᠭᠡᠭᠰᠢᠯᠡᠭᠦᠯᠵᠦ᠂ ᠶᠦᠨ ᠬᠠᠢ ᠨᠥᠬᠦᠷ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ | ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠶᠢᠨ | ᠲᠣᠭᠤᠷᠢᠨ ᠳᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠶ᠂ ᠪᠥᠬᠦ ᠨᠠᠮ ᠤᠨ ᠭᠡᠰᠢᠭᠦᠳ ᠡᠨᠡ ᠤᠳᠠᠭᠠᠨ ᠤ ︽ᠤᠭ ᠰᠠᠨᠠᠭ᠎ᠠ ᠪᠠᠨ ᠥᠯᠥ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠤᠭ | ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠬᠦ ᠬᠡᠷᠡᠭᠲᠡᠶ ᠭᠡᠪᠡ᠃ |