ᠬᠦᠬᠡᠬᠤᠳᠠ 20 ᠵᠢᠯ ᠳᠤ 3759 ᠶᠠᠳᠠᠭᠤ ᠬᠦᠴᠢᠷᠳᠡᠯᠳᠡᠢ ᠰᠤᠷᠤᠬᠴᠢᠳ ᠲᠤ ᠲᠡᠮᠵᠢᠯᠭᠡ ᠦᠵᠡᠭᠦᠯᠪᠡ
ᠨᠡᠶᠢᠲᠡᠯᠡᠭᠰᠡᠨ ᠴᠠᠭ᠄
2019-10-22
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠭᠤᠶᠤᠬᠠᠨ︶ ᠰᠤᠷᠪᠤᠯᠵᠢᠯᠠᠬᠴᠢ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠭᠠᠭᠰᠠᠨ ᠢᠶᠠᠷ᠂ ᠡᠨᠡ ᠵᠢᠯ ᠤᠨ7 ᠰᠠᠷ᠎ᠠ ᠳᠤ ᠬᠦᠬᠡᠬᠤᠳᠠ ᠶᠢᠨ ᠠᠵᠢᠯᠴᠢᠨ ᠤ ᠶᠡᠷᠦᠩᠭᠡᠢ ᠡᠪᠯᠡᠯ ᠤᠨ ᠬᠢᠨ ᠪᠦᠬᠦ ᠬᠤᠳᠠ ᠶᠢᠨ ᠬᠡᠪᠴᠢᠶᠡᠨ ᠳᠤ ︽ᠠᠯᠳᠠᠨ ᠨᠠᠮᠤᠷ ᠤᠨ ᠰᠤᠷᠤᠯᠭ᠎ᠠ ᠲᠡᠳᠭᠦᠭᠦ︾ ᠠᠵᠢᠯᠯᠠᠭ᠎ᠠ ᠦᠷᠨᠢᠬᠦᠯᠬᠦ ᠮᠡᠳᠡᠭᠳᠡᠯ ᠪᠠᠭᠤᠯᠭᠠᠵᠤ᠂ ᠠᠵᠢᠯᠯᠠᠭ᠎ᠠ ᠶᠢᠨ ᠴᠠᠭ ᠬᠤᠭᠤᠴᠠᠭ᠎ᠠ᠂ ᠲᠡᠮᠵᠢᠯᠭᠡ ᠦᠵᠡᠬᠦᠯᠬᠦ ᠡᠳᠡᠭᠡᠳ᠂ ᠰᠤᠷᠤᠯᠭ᠎ᠠ ᠲᠡᠳᠭᠦᠭᠦ ᠡᠮᠬᠢ ᠲᠠᠷᠠᠭᠠᠯᠠᠯ᠂ ᠠᠵᠢᠯᠯᠠᠭ᠎ᠠ ᠶᠢᠨ ᠱᠠᠭᠠᠷᠳᠠᠯᠭ᠎ᠠ ᠵᠡᠷᠭᠡ ᠶᠢ ᠪᠠᠶᠢᠷᠢᠯᠠᠭᠤᠯᠵᠤ᠂ ᠬᠦᠬᠡᠬᠤᠳᠠ ᠶᠢᠨ ᠨᠦᠬᠦᠴᠡᠯ ᠳᠤ ᠨᠡᠶᠢᠴᠡᠭᠰᠡᠨ 60 ᠶᠠᠳᠠᠭᠤ ᠬᠦᠴᠢᠷᠳᠡᠯᠳᠡᠢ ᠠᠵᠢᠯᠳᠠᠨ ᠠᠵᠢᠯᠴᠢᠨ ᠤ ᠭᠡᠷ ᠪᠦᠯᠢ ᠶᠢᠨ ᠦᠷ᠎ᠡ ᠬᠡᠦᠬᠡᠳ ᠪᠦᠷᠢ ᠳᠤ 7250 ᠲᠦᠭᠦᠷᠢᠭ ᠤᠨ ᠬᠠᠪᠰᠤᠷᠤᠨ ᠲᠡᠳᠭᠦᠬᠦ ᠮᠦᠡᠭᠬᠦ ᠤᠯᠭᠤᠬᠤ ᠪᠠᠷ ᠲᠤᠭᠳᠠᠵᠤ᠂ ᠲᠡᠳᠬᠦᠮᠵᠢ ᠶᠢᠨ ᠮᠦᠡᠭᠭᠦ ᠶᠢ 10 ᠰᠠᠷ᠎ᠠ ᠶᠢᠨ ᠰᠡᠬᠦᠯᠴᠢ ᠪᠣᠯᠲᠠᠯ᠎ᠠ ᠲᠠᠷᠬᠠᠨ ᠲᠠᠭᠤᠰᠠᠬᠬᠤ ᠪᠣᠯᠣᠨ᠎ᠠ᠃      ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠢᠨ 2000 ᠣᠨ ᠠᠴᠠ ᠡᠬᠢᠯᠡᠵᠦ ︽ᠠᠯᠳᠠᠨ ᠨᠠᠮᠤᠷ ᠤᠨ ᠰᠤᠷᠤᠯᠭ᠎ᠠ ᠲᠡᠳᠭᠦᠭᠦ︾ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠡᠯ᠎ᠡ ᠱᠠᠳᠤᠨ ᠤ ᠨᠠᠮ ᠵᠠᠰᠠᠭ᠂ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ ᠪᠠ ᠨᠡᠶᠢᠭᠡᠮ ᠤᠨ ᠡᠯ᠎ᠡ ᠡᠳᠡᠭᠡᠳ ᠤᠨ ᠲᠠᠮᠵᠢᠯᠭᠡ ᠶᠢ ᠤᠯᠵᠤ᠂ ᠶᠠᠳᠠᠭᠤ ᠬᠦᠴᠢᠷᠳᠡᠯᠳᠡᠢ ᠠᠵᠢᠯᠳᠠᠨ ᠠᠵᠢᠯᠴᠢᠨ ᠤ ᠦᠷ᠎ᠡ ᠬᠡᠤᠬᠡᠳ ᠢ ᠬᠠᠪᠰᠤᠷᠤᠨ ᠲᠡᠳᠭᠦᠭᠦ ᠤᠷᠳᠦ ᠬᠤᠭᠤᠴᠠᠭᠠᠨ ᠤ ᠪᠦᠳᠦᠮᠵᠢᠳᠠᠢ ᠲᠣᠭᠲᠠᠴᠠ ᠶᠢ ᠪᠦᠷᠢᠯᠳᠦᠬᠦᠯᠵᠦ᠂ ᠨᠢᠭᠡᠨᠳᠡ 3759 ᠶᠠᠳᠠᠭᠤ ᠬᠦᠴᠢᠷᠳᠡᠯᠳᠡᠢ ᠰᠤᠷᠤᠬᠴᠢᠳ ᠲᠤ ᠲᠡᠮᠵᠢᠯᠭᠡ ᠦᠵᠡᠬᠦᠯᠵᠦ᠂ 971.5 ᠲᠦᠮᠡᠨ ᠲᠦᠭᠦᠷᠢᠭ ᠤᠨ ᠰᠤᠷᠤᠯᠭ᠎ᠠ ᠶᠢᠨ ᠲᠡᠳᠭᠦᠮᠵᠢ ᠶᠢᠨ ᠮᠥᠩᠭᠦ ᠲᠠᠷᠬᠠᠭᠠᠪᠠ᠃ ᠤᠢᠢᠯᠠᠭᠠᠭᠰᠠᠨ ᠢᠶᠠᠷ᠂ ᠤᠳᠤ ᠪᠣᠯᠲᠠᠯ᠎ᠠ᠂ ᠬᠦᠬᠡᠬᠤᠳᠠ ᠶᠢᠨ ︽ᠠᠯᠳᠠᠨ ᠨᠠᠮᠤᠷ ᠤᠨ ᠰᠤᠷᠤᠯᠭ᠎ᠠ ᠲᠡᠳᠭᠦᠭᠦ︾ ᠠᠵᠢᠯᠯᠠᠭ᠎ᠠ ᠬᠠᠪᠰᠤᠷᠤᠨ ᠲᠡᠳᠭᠦᠭᠦ ᠬᠦᠷᠢᠶ᠎ᠡ ᠴᠠᠷᠠᠭ᠎ᠠ ᠪᠠ ᠬᠠᠪᠰᠤᠷᠤᠨ ᠲᠡᠳᠭᠦᠭᠦ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠤᠤᠯ ᠤᠨ ᠬᠦᠮᠦᠨ ᠪᠦᠷᠢ 1000 ᠲᠦᠭᠦᠷᠢᠭ ᠠᠴᠠ ᠤᠳᠤ ᠶᠢᠨ 7250 ᠲᠦᠭᠦᠷᠢᠭ ᠪᠤᠯᠵᠦ᠂ ᠶᠠᠳᠠᠭᠤ ᠬᠦᠴᠢᠷᠳᠡᠯᠳᠡᠢ ᠰᠤᠷᠤᠬᠴᠢᠳ ᠤ ᠶᠡᠭᠡ ᠰᠤᠷᠭᠠᠭᠤᠯᠢ ᠶᠢᠨ ᠣᠶᠤᠲᠠᠨ ᠪᠣᠯᠬᠤ ᠵᠡᠬᠦᠳᠦ ᠶᠢ ᠲᠡᠷᠭᠡᠯᠰᠢᠬᠦᠯᠵᠦ᠂ ᠲᠡᠳᠡᠨᠡᠷ ᠤᠨ ᠦᠰᠦᠨ ᠪᠤᠶᠢᠵᠢᠵᠤ ᠴᠢᠳᠠᠪᠤᠷᠢᠳᠠᠨ ᠪᠤᠯᠬᠤ ᠳᠤ ᠠᠬᠢᠭᠤᠯᠬᠤ ᠦᠢᠯᠡᠳᠤᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号