ᠬᠦᠬᠡᠬᠤᠳᠠ ᠶᠢᠨ ᠬᠢᠨ ᠠᠷᠠᠳ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠬᠡᠯᠪᠡᠷᠢ ᠪᠠᠷ ᠰᠤᠷᠤᠭᠴᠢ ᠡᠯᠰᠡᠬᠦ ᠶᠢ ᠴᠢᠩᠭ᠎ᠠ ᠴᠠᠭᠠᠵᠠᠯᠠᠨ᠎ᠠ
ᠨᠡᠶᠢᠲᠡᠯᠡᠭᠰᠡᠨ ᠴᠠᠭ᠄
2019/10/23
        ᠰᠢᠨᠬᠤᠸᠠ ᠰᠦᠯᠵᠢᠶ᠎ᠠ ᠶᠢᠨ ᠬᠦᠬᠡᠬᠤᠳᠠ ᠶᠢᠨ 10 ᠰᠠᠷ᠎ᠠ ᠶᠢᠨ 18 ᠤ ᠡᠳᠦᠷ ᠤᠨ  ᠮᠡᠳᠡᠭᠡ  ︵ᠰᠢᠤᠢ  ᠮᠧᠶ︶ 2020 ᠣᠨ ᠤ ᠰᠢᠨ᠎ᠡ ᠰᠤᠷᠤᠯᠭ᠎ᠠ ᠶᠢᠨ  ᠣᠨ ᠠᠴᠠ ᠡᠬᠢᠯᠡᠨ᠂ ᠬᠦᠬᠡᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠲᠠᠢ ᠵᠡᠷᠭᠡ ᠪᠠᠷ ᠰᠤᠷᠤᠭᠴᠢ ᠡᠯᠰᠡᠵᠦ᠂ ᠰᠢᠯᠭᠠᠬᠤ ᠦᠭᠡᠢ ᠪᠠᠷ ᠰᠤᠷᠭᠠᠭᠤᠯᠢ ᠳᠤ ᠤᠷᠤᠬᠤ  ᠪᠤᠯᠭᠠᠨ᠎ᠠ᠂ ᠰᠢᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠰᠢᠯᠭᠠᠬᠤ ᠬᠡᠯᠪᠡᠷᠢ ᠪᠠᠷ ᠰᠢᠨ᠎ᠡ ᠰᠤᠷᠤᠭᠴᠢ ᠶᠢᠨ ᠰᠢᠯᠢᠳᠡᠭ ᠢ ᠨᠢ ᠰᠢᠯᠢᠨ ᠰᠤᠩᠭᠤᠵᠤ ᠪᠤᠯᠬᠤ ᠦᠭᠡᠢ᠃              10 ᠰᠠᠷ᠎ᠠ ᠶᠢᠨ 18 ᠤ ᠡᠳᠦᠷ᠂ ᠬᠦᠬᠡᠬᠤᠳᠠ ᠶᠢᠨ  2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠵᠢᠴᠢ ︽ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠨᠡᠭᠡᠭᠡᠭᠳᠡᠵᠦ᠂ ᠬᠠᠮᠢᠶ᠎ᠠ ᠪᠦᠬᠦᠢ ᠰᠤᠷᠤᠭᠴᠢ ᠡᠯᠰᠡᠬᠦ  ᠵᠠᠷᠴᠢᠮ᠂ ᠡᠯᠰᠡᠭᠳᠡᠭᠴᠢ᠂ ᠰᠤᠷᠤᠭᠴᠢ ᠡᠯᠰᠡᠬᠦ ᠬᠦᠷᠢᠶ᠎ᠠ ᠬᠡᠪᠴᠢᠶ᠎ᠡ᠂ ᠨᠡᠷ᠎ᠡ ᠮᠡᠳᠡᠭᠦᠯᠬᠦ ᠠᠷᠭ᠎ᠠ ᠬᠡᠯᠪᠡᠷᠢ᠂ ᠰᠤᠷᠤᠭᠴᠢ ᠡᠯᠰᠡᠬᠦ ᠠᠷᠭ᠎ᠠ  ᠵᠡᠷᠭᠡ ᠭᠤᠤᠯ ᠪᠣᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃              ᠣᠶᠢᠯᠠᠭᠠᠭᠰᠠᠨ ᠢᠶᠠᠷ᠂ ᠬᠦᠬᠡᠬᠤᠳᠠ ᠶᠢᠨ 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠬᠠᠤᠯᠢ ᠶᠣᠰᠣᠭᠠᠷ ᠰᠤᠷᠤᠭᠴᠢ ᠡᠯᠰᠡᠬᠦ᠂ ᠰᠢᠯᠭᠠᠬᠤ ᠦᠭᠡᠢ ᠪᠠᠷ ᠰᠤᠷᠭᠠᠭᠤᠯᠢ ᠳᠤ ᠣᠷᠣᠬᠤ ᠪᠠ ᠰᠠᠶᠢᠨ ᠳᠤᠷ᠎ᠠ ᠠᠴᠠ ᠪᠠᠨ ᠰᠣᠩᠭᠤᠬᠤ ᠵᠠᠷᠴᠢᠮ ᠢ  ᠪᠠᠷᠢᠮᠲᠠᠯᠠᠨ᠎ᠠ᠃ ᠬᠤᠲᠠ ᠵᠢᠨ‌‍ᠲ᠋ᠣᠭᠤᠷᠢᠭ ᠤᠨ ᠠᠷᠠᠳ ᠠᠴᠠ ᠡᠷᠬᠢᠯᠡᠭᠰᠡᠨ ᠪᠠᠭ᠎ᠠ ᠰᠤᠷᠭᠠᠭᠤᠯᠢ ᠨᠢ ᠬᠠᠷᠢᠶᠠᠯᠠᠬᠳᠠᠬᠤ ᠵᠠᠰᠠᠭ ᠵᠠᠬᠢᠷᠭᠠᠨ ᠤ  ᠣᠷᠣᠨ ᠲᠤᠭᠤᠷᠢᠬ ︵ᠬᠤᠰᠢᠭᠤ ᠰᠢᠶᠠᠨ ᠲᠣᠭᠤᠷᠢᠭ︶ ᠤᠨ ᠳᠣᠲᠣᠷᠠᠬᠢ ᠰᠤᠷᠬᠤ ᠨᠠᠰᠤᠨ ᠤ ᠬᠡᠤᠬᠡᠳ ᠢ ᠡᠯᠰᠡᠵᠦ ᠰᠤᠷᠭᠠᠭᠤᠯᠢ ᠳᠤ ᠣᠷᠣᠭᠤᠯᠵᠤ ᠪᠣᠯᠤᠨ᠎ᠠ᠂ ᠣᠷᠣᠨ ᠲᠤᠭᠤᠷᠢᠬ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠢ᠃ ᠬᠤᠲᠠ ᠶᠢᠨ ᠲᠣᠭᠤᠷᠢᠭ ᠤᠨ ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠬᠤᠲᠠ ᠶᠢᠨ ᠳᠥᠷᠪᠡᠨ ᠲᠣᠭᠤᠷᠢᠭ ᠤᠨ ᠬᠡᠪᠴᠢᠶᠡᠨ ᠳᠣᠲᠣᠷ᠎ᠠ ᠠᠴᠠ ᠰᠤᠷᠤᠭᠴᠢ ᠡᠯᠰᠡᠵᠦ ᠪᠣᠯᠤᠨ᠎ᠠ᠂ ᠲᠠᠪᠤᠨ ᠲᠠᠷᠢᠶᠠᠯᠠᠩ ᠤᠨ ᠬᠤᠰᠢᠭᠤ ᠰᠢᠶᠠᠨ ᠪᠤᠶᠤ ᠠᠶᠢᠮᠠᠭ ᠬᠤᠲᠠ᠂  ᠮᠣᠵᠢ ᠬᠤᠲᠠ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠢ᠃ ᠬᠤᠲᠠ ᠶᠢᠨ ᠲᠣᠭᠤᠷᠢᠭ ᠤᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠬᠤ ᠰᠤᠩᠭᠤᠯᠳᠠ ᠭᠠᠷᠭᠠᠬᠰᠠᠨ ᠰᠤᠷᠤᠭᠴᠢᠳ ᠡᠷᠬᠡᠪᠰᠢ ︽ᠬᠦᠬᠡᠬᠤᠳᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠤ ᠭᠠᠷᠴᠤ᠂ ᠠᠷᠠᠳ ᠠᠴᠠ  ᠡᠷᠬᠢᠯᠡᠭᠰᠡᠨ ᠰᠤᠷᠭᠠᠭᠤᠯᠢ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠷᠡᠭᠲᠡᠶ᠃ ᠠᠷᠠᠳ ᠠᠴᠠ ᠡᠷᠬᠢᠯᠡᠭᠰᠡᠨ ᠰᠤᠷᠭᠠᠭᠤᠯᠢ ᠨᠤᠭᠤᠳ ᠤᠨ  ᠺᠣᠮᠫᠢᠦ᠋ᠲ᠋ᠧᠷ ᠢᠶᠠᠷ  ᠲᠠᠰᠢᠷᠠᠮ ᠢᠶᠠᠷ ᠡᠯᠰᠡᠬᠦ ᠠᠵᠢᠯ ᠢ ᠨᠢᠭᠡᠳᠦᠯᠲᠡᠶ ᠴᠠᠭ᠂ ᠨᠢᠭᠡᠳᠦᠯᠲᠡᠶ ᠳᠡᠰ ᠳᠠᠷᠠᠭᠠᠯᠠᠯ ᠪᠠ ᠨᠢᠭᠡᠳᠦᠯᠲᠡᠶ ᠱᠠᠭᠠᠷᠳᠠᠯᠭ᠎ᠠ  ᠶᠣᠰᠣᠭᠠᠷ᠂  ᠬᠠᠷᠢᠶ᠎ᠠ ᠭᠠᠵᠠᠷ ‍ᠤᠨ‌‍ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃              ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ︽ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠳᠤ ᠳᠡᠪᠰᠢᠬᠦ︾ᠰᠤᠷᠤᠭᠴᠢ ᠡᠯᠰᠡᠬᠦ ᠶᠠᠪᠤᠴᠠ ᠳᠤ᠂ ︽ᠬᠦᠬᠡᠬᠤᠳᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ  ᠳᠡᠭᠡᠷ᠎ᠡ ᠡᠯᠰᠡᠭᠰᠡᠨ ᠦᠷ᠎ᠡ ᠳ᠋ᠦᠩ ᠶᠣᠰᠣᠭᠠᠷ ᠰᠤᠷᠭᠠᠭᠤᠯᠢ ᠳᠤ ᠤᠷᠤᠬᠤ ᠪᠥᠭᠡᠳ ᠲᠣᠰ ᠰᠤᠷᠭᠠᠭᠤᠯᠢ ᠳᠤ ᠵᠠᠯᠭᠠᠭ᠎ᠠ ᠪᠠᠷ ᠭᠤᠷᠪᠠᠨ ᠵᠢᠯ  ᠰᠤᠷᠤᠯᠴᠠᠬᠰᠠᠨ ᠰᠤᠷᠤᠭᠴᠢ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ︽ᠠᠰ ᠲᠤᠨᠢ ᠡᠯᠰᠡᠬᠦ︾  ᠬᠢᠷᠢ ᠭᠡᠮ ᠲᠠᠢ᠃              ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠠᠯᠪᠠᠨ ᠠᠴᠠ  ᠡᠷᠬᠢᠯᠡᠭᠰᠡᠨ ᠰᠤᠷᠭᠠᠭᠤᠯᠢ᠂ ᠠᠷᠠᠳ ᠠᠴᠠ ᠡᠷᠬᠢᠯᠡᠭᠰᠡᠨ  ᠰᠤᠷᠭᠠᠭᠤᠯᠢ ᠶᠢᠨ ᠡᠬᠢᠯᠡᠵᠦ ᠰᠤᠷᠤᠯᠴᠠᠬᠤ ᠤᠨ ᠳᠤ ︽ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠩᠭᠢ ᠬᠤᠪᠢᠶᠠᠬᠤ ᠲᠥᠰᠦᠯ᠂ ᠶᠠᠪᠤᠴᠠ ᠵᠢᠴᠢ ᠦᠷ᠎ᠡ ᠳ᠋ᠦᠩ ᠢ ᠢᠯᠡ ᠲᠣᠳᠣ ᠪᠣᠯᠭᠠᠬᠤ ᠶᠢ ᠪᠠᠷᠢᠮᠲᠠᠯᠠᠵᠤ᠂ ᠠᠩᠭᠢ ᠬᠤᠪᠢᠶᠠᠬᠤ ᠳᠤ ᠠᠩᠭᠢ ᠶᠢᠨ ᠬᠡᠪᠴᠢᠶ᠎ᠡ᠂ ᠰᠤᠷᠤᠭᠴᠢᠳ ᠤᠨ ᠴᠢᠨᠠᠷ ‍ᠤᠨ‌ᠢᠯᠭᠠᠯ᠂ ᠪᠠᠭᠰᠢ ᠲᠣᠬᠢᠷᠠᠭᠤᠯᠬᠤ ᠵᠡᠷᠭᠡ ᠡᠯ᠎ᠡ ᠲᠠᠯ᠎ᠠ ᠪᠠᠷ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠦᠨ᠎ᠡ᠃
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ