ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠳ᠋ᠠᠢ ᠬᠤᠩ︶ 10 ᠰᠠᠷ᠎ᠠ ᠶᠢᠨ | 23 ᠤ ᠡᠳᠤᠷ᠂ ᠪᠦᠬᠦ ᠤᠷᠤᠨ ᠤ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠠᠵᠢᠯ ᠤᠨ ᠠᠬᠢᠭᠤᠯᠬᠤ | ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠥ | ᠂ ᠶᠡᠷᠦᠩᠬᠡᠢ ᠱᠦᠵᠢ ᠰᠢ ᠶᠢᠨ ᠫᠢᠩ ᠤᠨ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠳᠤᠬᠠᠢ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠳᠠ ᠶᠢ ᠰᠠᠶᠢᠳᠤᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠦ ᠶᠢᠨ | ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠤᠷᠢᠳᠴᠢᠯᠠᠨ ᠪᠡᠶᠡᠯᠡᠬᠦᠯᠵᠥ᠂ ᠤᠯᠤᠰ ᠤᠨ ᠰᠦ ᠶᠢᠨ ᠦᠢᠯᠡᠰ ᠢ | ᠬᠦᠭᠵᠢᠬᠦᠯᠦᠨ ᠮᠠᠨᠳᠤᠭᠤᠯᠬᠤ ᠳᠤ ᠪᠠᠶᠢᠪᠠᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠥ | ᠴᠢᠬᠤᠯᠠᠴᠢᠯᠠᠪᠠ᠃ | ᠪᠦ᠋ ᠰᠢᠶᠤᠤ ᠯᠢᠨ᠂ ᠦᠪᠦᠷ ᠮᠤᠩᠭᠤᠯ ᠳᠡᠯᠡᠬᠡᠢ ᠶᠢᠨ ᠰᠦ ᠶᠢᠨ ᠭᠠᠷᠤᠯᠲᠠ ᠶᠢᠨ ᠰᠢᠵᠢᠷ ᠠᠯᠳᠠᠨ ᠪᠦᠰᠡ ᠳᠤ | ᠤᠷᠤᠰᠢᠵᠥ᠂ ᠰᠦ ᠶᠢᠨ ᠦᠢᠯᠡᠰ ᠨᠢ ᠦᠪᠡᠷᠳᠡᠬᠡᠨ ᠵᠠᠰᠠᠬᠤ ᠤᠷᠤᠨ ᠤ ᠳᠠᠪᠠᠭᠤᠯᠢᠭ ᠠᠵᠥ ᠦᠢᠯᠡᠰ ᠪᠤᠯᠵᠤ ᠪᠠᠶᠢᠨ᠎ᠠ | ᠃ ᠤᠯᠤᠰ ᠤᠨ ᠬᠦᠭᠵᠢᠯᠳᠡ ᠶᠢᠨ ᠪᠦᠬᠦ ᠲᠠᠯ᠎ᠠ ᠶᠢᠨ ᠦᠨᠳᠦᠷᠴᠡ ᠳᠤ ᠵᠤᠬᠰᠤᠵᠥ᠂ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠵᠣᠬᠢᠬᠤ ᠪᠠᠶᠢᠷᠢᠨ ᠳᠤ ᠳᠠᠯᠪᠢᠵᠥ᠂ ᠰᠦ ᠶᠢᠨ ᠦᠢᠯᠡᠰ ᠢ | ᠬᠦᠭᠵᠢᠬᠦᠯᠦᠨ ᠮᠠᠨᠳᠤᠭᠤᠯᠬᠤ ᠠᠵᠢᠯ ᠢ ᠬᠦᠴᠦ ᠳᠠᠯᠪᠢᠨ ᠰᠠᠶᠢᠳᠤᠷ ᠠᠳᠬᠤᠵᠥ᠂ ᠪᠢᠳᠡᠨ ᠤ ᠳᠠᠪᠠᠭᠤᠯᠢᠭ ᠢᠶᠠᠨ | ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦ᠋ ᠰᠢᠶᠤᠤ ᠯᠢᠨ᠂ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠪᠤᠯ ᠰᠢᠰᠲᠧᠮᠳᠤ ᠢᠨᠵᠧᠨᠧᠷᠢᠩ | ᠮᠦᠨ᠂ ᠰᠦ ᠶᠢᠨ ᠦᠢᠯᠡᠰ ᠢ ᠬᠦᠭᠵᠢᠬᠦᠯᠬᠦ ᠳᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠡᠬᠦᠯᠳᠡᠷᠵᠢᠬᠦᠯᠵᠤ᠂ | ᠰᠦ ᠶᠢᠨ ᠦᠢᠯᠡᠰ ᠤᠨ ᠬᠦᠭᠵᠢᠯᠳᠡ ᠶᠢ ᠬᠦᠯᠢᠶᠡᠰᠤᠯᠡᠵᠥ ᠪᠠᠶᠢᠭ᠎ᠠ ᠳᠣᠪᠣᠶᠢᠮ᠎ᠠ ᠠᠰᠠᠭᠤᠳᠠᠯ ᠢ ᠬᠦᠴᠦ ᠳᠠᠯᠪᠢᠨ | ᠰᠢᠢᠳᠪᠦᠷᠢᠯᠡᠬᠦ ᠬᠡᠷᠡᠭᠳᠡᠢ᠃ ᠭᠤᠤᠯ ᠭᠠᠷᠤᠯᠳᠠ ᠶᠢᠨ ᠤᠷᠤᠨ ᠪᠤᠯᠬᠤ ᠠᠶᠢᠮᠠᠬ ᠬᠤᠳᠠ ᠶᠢᠨ ᠬᠢᠨ ᠠᠵᠠ ᠲᠣᠬᠢᠶᠠᠯ ᠢ | ᠰᠠᠶᠢᠳᠤᠷ ᠠᠮᠵᠢᠵᠤ᠂ ᠳᠤᠰ ᠪᠡᠶ᠎ᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠭᠠᠭᠠᠴᠠ ᠳᠠᠭᠠᠨ ᠰᠠᠭᠤᠷᠢᠯᠠᠵᠥ᠂ | ᠳᠤᠰ ᠭᠠᠵᠠᠷ ᠤᠷᠤᠨ ᠤ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠳᠦᠯᠦᠪᠯᠡᠭᠡ ᠪᠠᠨ ᠱᠠᠯᠠᠪᠳᠠᠨ | ᠳᠤᠬᠳᠠᠭᠠᠵᠥ᠂ ᠰᠦ ᠶᠢᠨ ᠦᠢᠯᠡᠰ ᠤᠨ ᠣᠳᠣᠬᠢᠴᠢᠯᠠᠯᠲᠠ ᠶᠢᠨ ᠠᠬᠢᠴᠠ ᠶᠢ ᠳᠦᠷᠬᠡᠳᠬᠡᠬᠦ ᠬᠡᠷᠡᠭᠳᠡᠢ᠃ ᠴᠠᠭᠠᠨ | ᠢᠳᠡᠭᠡᠨ ᠢ ᠡᠳ᠋ᠰᠢᠬᠦᠯᠦᠨ ᠪᠤᠯᠪᠠᠰᠤᠷᠠᠭᠤᠯᠬᠤ ᠠᠵᠥ ᠠᠬᠤᠶᠢᠯᠠᠯ ᠤᠨ ᠬᠦᠳᠦᠯᠦᠨ ᠳᠠᠭᠠᠭᠤᠯᠬᠤ ᠦᠢᠯᠡᠳᠦᠯ ᠢ | ᠴᠢᠩᠭᠠᠳᠬᠠᠵᠥ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠨᠵᠡᠬᠡᠶᠢᠷᠡᠬᠦᠯᠵᠥ᠂ | ᠶᠠᠰᠤ ᠴᠢᠨᠠᠷ᠂ ᠦᠪᠡᠷᠮᠢᠴᠡ ᠤᠨᠴᠠᠯᠢᠬ ᠢ ᠰᠠᠶᠢᠳᠤᠷ ᠪᠦᠷᠢᠯᠳᠦᠭᠦᠯᠬᠦ ᠬᠡᠷᠡᠭᠳᠡᠢ᠃ ᠴᠠᠭᠠᠨ ᠢᠳᠡᠬᠡᠨ ᠢ ᠡᠳ᠋ᠰᠢᠬᠦᠯᠦᠨ | ᠪᠤᠯᠪᠠᠰᠤᠷᠠᠭᠤᠯᠬᠤ ᠳᠤᠮᠳᠠ ᠪᠠᠭ᠎ᠠ ᠠᠵᠥ ᠠᠬᠤᠶᠢᠯᠠᠯ ᠤᠨ ᠵᠦᠷᠢᠶᠠᠴᠢᠯᠡᠭᠰᠡᠨ ᠬᠦᠭᠵᠢᠯᠳᠡ ᠶᠢ ᠠᠬᠢᠭᠤᠯᠵᠥ᠂ ᠠᠵᠥ | ᠠᠬᠤᠢᠢᠯᠠᠯ ᠬᠢᠬᠡᠳ ᠰᠠᠭᠠᠯᠢ ᠶᠢᠨ ᠡᠷᠦᠬᠡ ᠶᠢᠨ ᠠᠰᠢᠬ ᠳᠤᠰᠠ ᠶᠢᠨ ᠬᠤᠯᠪᠤᠭᠠᠳᠤ ᠳᠤᠬᠳᠠᠴᠠ ᠶᠢ ᠳᠡᠬᠦᠯᠳᠡᠷᠵᠢᠬᠦᠯᠬᠦ | ᠬᠡᠷᠡᠭᠳᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠬᠡᠬᠡᠨ ᠠᠰᠢᠬᠯᠠᠬᠤ ᠡᠷᠴᠢᠮ ᠢᠶᠠᠨ | ᠴᠢᠩᠭᠠᠷᠠᠭᠤᠯᠵᠥ᠂ ᠠᠵᠥ ᠠᠬᠤᠢᠢᠯᠠᠯ ᠤᠨ ᠭᠤᠤᠯᠯᠠᠬᠤ ᠦᠷᠢᠰᠦᠯᠳᠦᠬᠦ ᠬᠦᠴᠦᠨ ᠢ ᠴᠢᠩᠭᠠᠳᠬᠠᠬᠤ ᠬᠡᠷᠡᠭᠳᠡᠢ᠃ | ᠶᠠᠰᠤ ᠴᠢᠨᠠᠷ ᠤᠨ ᠠᠮᠤᠷ ᠳᠦᠪᠰᠢᠨ ᠤ ᠬᠤᠷᠢᠭ᠎ᠠ ᠱᠤᠭᠤᠮ ᠢ ᠰᠠᠶᠢᠳᠤᠷ ᠰᠠᠬᠢᠵᠥ᠂ ︽ᠳᠦᠷᠪᠡᠨ ᠬᠠᠮᠤᠭ ᠤᠨ | ᠴᠢᠩᠭ᠎ᠠ ᠪᠠᠶᠢᠬᠤ︾ ᠱᠠᠭᠠᠷᠳᠠᠯᠭ᠎ᠠ ᠶᠤᠰᠤᠭᠠᠷ ᠶᠠᠰᠤ ᠴᠢᠨᠠᠷ ᠤᠨ ᠠᠮᠤᠷ ᠲᠦᠪᠰᠢᠨ ᠢ ᠦᠢᠯᠡᠳᠪᠦᠷᠢᠯᠡᠯ᠂ | ᠡᠳ᠋ᠰᠢᠬᠦᠯᠦᠨ ᠪᠤᠯᠪᠠᠰᠤᠷᠠᠭᠤᠯᠬᠤ᠂ ᠬᠦᠢᠯᠬᠡᠬᠡᠨ ᠤ ᠪᠦᠬᠦ ᠶᠠᠪᠤᠴᠠ ᠡᠯ᠎ᠡ ᠭᠤᠭᠴᠤᠭᠠᠨ ᠳᠤ ᠳᠤᠭᠤᠰᠢᠯᠠᠭᠤᠯᠵᠥ᠂ | ᠦᠴᠦᠬᠡᠨ ᠳᠡᠳᠦᠢ ᠴᠤ ᠰᠤᠯᠠᠷᠠᠭᠤᠯᠵᠦ ᠪᠤᠯᠬᠤ ᠦᠭᠡᠢ᠃ ᠡᠯ᠎ᠡ ᠠᠶᠢᠮᠠᠬ ᠬᠤᠳᠠ ᠪᠤᠯᠤᠨ ᠦᠪᠡᠷᠳᠡᠬᠡᠨ ᠵᠠᠰᠠᠬᠤ | ᠤᠷᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠰᠢᠶᠠᠯ ᠬᠠᠷᠢᠭᠤᠴᠠᠯᠭ᠎ᠠ ᠪᠠᠨ ᠰᠠᠶᠢᠳᠤᠷ | ᠬᠦᠢᠴᠡᠳᠬᠡᠵᠥ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠨ ᠰᠢᠯᠢᠳᠡᠭᠵᠢᠬᠦᠯᠵᠤ᠂ ᠰᠦ ᠶᠢᠨ ᠦᠢᠯᠡᠰ ᠢ | ᠬᠦᠭᠵᠢᠬᠦᠯᠦᠨ ᠮᠠᠨᠳᠤᠭᠤᠯᠬᠤ ᠳᠤ ᠰᠠᠶᠢᠨ ᠰᠠᠶᠢᠬᠠᠨ ᠤᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠳᠡᠭᠡᠷ᠎ᠡ᠂ ᠦᠪᠡᠷᠳᠡᠬᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠪᠣᠳᠠᠲᠠᠢ | ᠠᠵᠢᠯ ᠤᠨ ᠪᠠᠶᠢᠷᠢᠯᠠᠭᠤᠯᠤᠯᠳᠠ ᠬᠢᠵᠥ᠂ ᠠᠵᠥ ᠠᠬᠤᠶᠢᠯᠠᠯ ᠤᠨ ᠳᠦᠯᠦᠬᠡᠯᠡᠭᠴᠢ ᠪᠤᠯᠤᠨ ᠬᠤᠯᠪᠤᠬᠳᠠᠯ ᠪᠦᠬᠦᠢ | ᠰᠠᠯᠠᠭ᠎ᠠ ᠮᠦᠴᠢᠷ᠂ ᠠᠶᠢᠮᠠᠬ ᠬᠤᠲᠠ ᠶᠢᠨ ᠬᠠᠷᠢᠭᠤᠴᠠᠯᠭᠠᠳᠠᠨ ᠤᠷᠢᠳ ᠬᠤᠵᠢᠳ ᠦᠬᠡ ᠬᠡᠯᠡᠵᠡᠢ᠃ |