ᠠᠵᠢᠯ ᠠᠴᠠ ᠪᠤᠯᠤᠭᠰᠠᠨ ᠬᠡᠮᠳᠦᠯ ᠢ ᠮᠠᠭᠠᠳᠯᠠᠨ ᠲᠤᠭᠲᠠᠭᠠᠬᠤ ᠦᠢᠯᠡᠴᠢᠯᠡᠭᠡ ᠶᠢᠨ ᠵᠦᠭᠯᠡᠭᠦᠷ
ᠨᠡᠶᠢᠲᠡᠯᠡᠭᠰᠡᠨ ᠴᠠᠭ᠄
2019-10-24
     ᠨᠢᠭᠡ᠂ ᠤᠴᠢᠷ ᠶᠠᠪᠤᠳᠠᠯ ᠤᠨ ᠲᠣᠪᠴᠢ ᠲᠤᠭᠠᠴᠢᠯᠲᠠ      ︽ᠪᠥᠭᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠡᠶᠢᠭᠡᠮ ᠤᠨ ᠲᠠᠭᠠᠳᠬᠠᠯ ᠤᠨ ᠬᠠᠤᠯᠢ︾ ᠶᠢᠨ ᠭᠤᠴᠢᠨ ᠵᠢᠷᠭᠤᠳᠤᠭᠠᠷ ᠵᠤᠷᠪᠤᠰ ᠠᠵᠢᠯᠳᠠᠨ ᠠᠵᠢᠯ ᠤᠨ ᠰᠢᠯᠳᠠᠭᠠᠨ ᠠᠴᠠ ᠪᠣᠯᠵᠤ ᠠᠳᠡᠯ ᠳᠤ ᠬᠡᠮᠳᠦᠬᠦ  ᠪᠤᠶᠤ ᠠᠵᠢᠯ ᠤᠨ ᠨᠦᠯᠦᠭᠡᠨ ᠤ ᠡᠪᠡᠳᠴᠢᠨ ᠤᠯᠤᠭᠰᠠᠨ ᠪᠦᠭᠡᠳ ᠠᠵᠢᠯ ᠠᠴᠠ ᠪᠤᠯᠤᠭᠰᠠᠨ ᠬᠡᠮᠳᠦᠯ ᠤᠨ ᠮᠠᠭᠠᠳᠯᠠᠨ ᠲᠤᠭᠲᠠᠭᠠᠯᠲᠠ ᠶᠢ ᠦᠩᠭᠡᠷᠡᠭᠰᠡᠨ ᠨᠢ ᠠᠵᠢᠯ ᠤᠨ ᠬᠡᠮᠳᠦᠯ  ᠤᠨ ᠲᠠᠭᠠᠳᠬᠠᠯ ᠤᠨ ᠤᠯᠭᠤᠮᠵᠢ ᠶᠢ ᠡᠳ᠋ᠯᠡᠨ᠎ᠡ ᠁᠃      ᠬᠤᠶᠠᠷ᠂ ᠦᠨᠳᠦᠰᠦᠨ ᠡᠯᠧᠮᠧᠨ᠋ᠲ      ( ᠨᠢᠭᠡ )  ᠤᠴᠢᠷ ᠶᠠᠪᠤᠳᠠᠯ ᠤᠨ ᠨᠡᠷᠡᠶᠢᠳᠦᠯ      ᠠᠵᠢᠯ ᠠᠴᠠ ᠪᠤᠯᠤᠭᠰᠠᠨ ᠭᠡᠮᠳᠦᠯ ᠤᠨ ᠮᠠᠭᠠᠳᠯᠠᠨ ᠲᠤᠭᠲᠠᠭᠠᠯᠲᠠ      (  ᠬᠤᠶᠠᠷ ) ᠬᠦᠢᠴᠡᠳᠭᠡᠬᠦ ᠮᠠᠲ᠋ᠧᠷᠢᠶᠠᠯ      1. ᠭᠤᠶᠤᠴᠢᠯᠠᠭᠴᠢ ︽ᠠᠵᠢᠯ ᠠᠴᠠ ᠪᠤᠯᠤᠭᠰᠠᠨ ᠭᠡᠮᠳᠦᠯ ᠤᠨ ᠭᠤᠶᠤᠴᠢᠯᠠᠯ ᠤᠨ ᠬᠦᠰᠦᠨᠦᠭᠲᠦ︾ ᠶᠢᠨ ᠤᠤᠯ ᠬᠡᠪ  ᠨᠢᠭᠡ ᠬᠤᠪᠢ ᠶᠢ ᠦᠪᠡᠷ ᠢᠶᠠᠨ ᠪᠡᠯᠡᠳᠭᠡᠵᠦ ᠲᠠᠭᠯᠠᠭᠠᠳ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠤᠯᠤᠭᠰᠠᠨ ᠬᠡᠮᠳᠦᠯ ᠢ ᠮᠠᠭᠠᠳᠯᠠᠨ ᠲᠤᠭᠲᠠᠭᠠᠬᠤ ᠰᠠᠯᠠᠭ᠎ᠠ ᠮᠦᠴᠢᠷ ᠲᠤ ᠬᠦᠷᠭᠡᠵᠦ ᠰᠢᠢᠳᠪᠦᠷᠢᠯᠡᠭᠦᠯᠦᠨ᠎ᠡ᠃      2. ᠭᠤᠶᠤᠴᠢᠯᠠᠭᠴᠢ ᠬᠦᠳᠡᠯᠮᠦᠷᠢ ᠶᠢᠨ ᠭᠡᠷ᠎ᠡ ᠶᠢᠨ ᠬᠠᠭᠤᠯᠪᠤᠷᠢ ᠪᠤᠶᠤ ᠬᠦᠮᠦᠨ ᠬᠡᠷᠡᠭᠯᠡᠬᠦ ᠨᠢᠭᠡᠴᠡ ᠯᠦᠭᠡ ᠬᠦᠳᠡᠯᠮᠦᠷᠢ ᠶᠢᠨ ᠬᠠᠷᠢᠴᠠᠭ᠎ᠠ ︵ᠪᠤᠳᠠᠳᠤ ᠬᠦᠳᠡᠯᠮᠦᠷᠢ ᠶᠢᠨ ᠬᠠᠷᠢᠴᠠᠭ᠎ᠠ ᠶᠢ ᠪᠠᠭᠲᠠᠭᠠᠨ᠎ᠠ︶ ᠤᠷᠤᠰᠢᠬᠤ  ᠬᠦᠴᠦᠨ  ᠪᠦᠬᠦᠢ ᠮᠠᠲ᠋ᠧᠷᠢᠶᠠᠯ ᠢ ᠦᠪᠡᠷ ᠢᠶᠠᠨ ᠨᠢᠭᠡ ᠬᠤᠪᠢ ᠪᠡᠯᠡᠳᠭᠡᠵᠦ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠠᠵᠢᠯ ᠠᠴᠠ ᠪᠤᠯᠤᠭᠰᠠᠨ ᠭᠡᠮᠳᠦᠯ ᠢ ᠮᠠᠭᠠᠳᠯᠠᠨ ᠲᠤᠭᠲᠠᠭᠠᠬᠤ ᠰᠠᠯᠠᠭ᠎ᠠ ᠮᠦᠴᠢᠷ ᠲᠤ ᠬᠦᠷᠭᠡᠵᠦ ᠰᠢᠢᠳᠪᠦᠷᠢᠯᠡᠭᠦᠯᠦᠨ᠎ᠡ᠃      3. ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠦᠭᠭᠦᠭᠰᠡᠨ ᠤᠨᠤᠰᠢᠯᠠᠯᠲᠠ ᠶᠢᠨ ᠪᠢᠴᠢᠭ᠂ ᠠᠩᠬ᠎ᠠ ᠤᠨᠤᠰᠢᠯᠠᠭᠰᠠᠨ ᠡᠪᠡᠳᠴᠢᠨ ᠤ ᠲᠡᠦᠭᠡ᠂ ᠡᠮᠨᠡᠯᠭᠡ ᠳᠤ ᠰᠠᠭᠤᠭᠰᠠᠨ ᠡᠪᠡᠳᠴᠢᠨ ᠤ ᠲᠡᠥᠭᠡ᠂ ᠠᠵᠢᠯ ᠤᠨ ᠨᠦᠯᠦᠭᠡᠨ ᠤ ᠡᠪᠡᠳᠴᠢᠨ  ᠳᠤ ᠬᠠᠷᠢᠶᠠᠯᠠᠭᠳᠠᠬᠤ ᠨᠢ ᠬᠠᠤᠯᠢ ᠳᠤ ᠨᠡᠶᠢᠴᠡᠭᠰᠡᠨ ᠬᠦᠴᠦᠨ ᠪᠦᠬᠦᠢ ᠠᠵᠢᠯ ᠤᠨ ᠨᠦᠯᠦᠭᠡᠨ ᠤ ᠡᠪᠡᠳᠴᠢᠨ ᠤ ᠤᠨᠤᠰᠢᠯᠠᠯᠳᠠ ᠶᠢᠨ ᠪᠢᠴᠢᠭ ᠪᠤᠶᠤ ᠰᠢᠯᠭᠠᠨ ᠲᠤᠭᠲᠠᠭᠠᠭᠰᠠᠨ ᠪᠢᠴᠢᠭ ᠨᠢᠭᠡ ᠬᠤᠪᠢ ᠶᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠠᠵᠢᠯ ᠠᠴᠠ ᠪᠤᠯᠤᠭᠰᠠᠨ ᠭᠡᠮᠳᠦᠯ ᠢ ᠮᠠᠭᠠᠳᠯᠠᠨ ᠲᠤᠭᠲᠠᠭᠠᠬᠤ ᠰᠠᠯᠠᠭ᠎ᠠ ᠮᠦᠴᠢᠷ ᠲᠤ ᠬᠦᠷᠭᠡᠵᠦ ᠰᠢᠢᠳᠪᠦᠷᠢᠯᠡᠭᠦᠯᠦᠨ᠎ᠡ᠃      ᠲᠤᠤᠷᠠᠬᠢ ᠪᠠᠶᠢᠳᠠᠯ ᠲᠠᠢ ᠪᠣᠯ ᠪᠠᠰᠠ ᠲᠤᠤᠷᠠᠬᠢ ᠬᠠᠮᠢᠶ᠎ᠠ ᠪᠦᠬᠦᠢ ᠲᠠᠰᠤᠯᠠᠨ ᠲᠤᠭᠲᠠᠭᠠᠯᠲᠠ ᠪᠤᠶᠤ ᠳ᠋ᠦᠩᠨᠡᠯᠲᠠ ᠶᠢ ᠲᠤᠰᠢᠶᠠᠨ᠎ᠠ᠃      ︵1︶ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠠᠴᠠ ᠬᠦᠴᠦᠷᠭᠡᠭᠯᠡᠯ ᠳᠤ ᠬᠡᠮᠳᠦᠭᠰᠡᠨ  ᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠷᠭᠠᠵᠤ ᠦᠭᠬᠦᠭᠰᠡᠨ ᠬᠠᠤᠯᠢ ᠶᠢᠨ ᠪᠢᠴᠢᠭ ᠪᠤᠶᠤ ᠠᠷᠠᠳ ᠤᠨ ᠰᠢᠬᠦᠬᠦ ᠬᠤᠷᠢᠶ᠎ᠠ ᠶᠢᠨ ᠰᠢᠭᠦᠨ ᠲᠠᠰᠤᠯᠤᠯᠳᠠ ᠶᠢᠨ ᠪᠢᠴᠢᠭ ᠢᠶᠠᠨ ᠲᠤᠰᠢᠶᠠᠨ᠎ᠠ᠃      ︵2︶  ᠠᠵᠢᠯ ᠢᠶᠠᠷ ᠭᠠᠳᠠᠭᠰᠢ ᠭᠠᠷᠤᠭᠰᠠᠨ ᠶᠠᠪᠤᠴᠠ ᠳᠤ ᠠᠳᠡᠯ ᠭᠠᠷᠴᠤ ᠰᠤᠷᠠᠭ ᠲᠠᠰᠤᠷᠠᠨ᠂ ᠠᠵᠢᠯ ᠠᠴᠠ ᠪᠣᠯᠵᠤ ᠦᠬᠦᠭᠰᠡᠨ ᠢᠶᠠᠷ ᠮᠠᠭᠠᠳᠯᠠᠨ ᠲᠤᠭᠲᠠᠭᠠᠯᠭᠠᠬᠤ ᠶᠢ ᠱᠠᠭᠠᠷᠳᠠᠭᠰᠠᠨ ᠨᠢ᠂ ᠪᠠᠶᠢᠭᠤᠯᠭ᠎ᠠ ᠠᠴᠠ ᠨᠢ ᠭᠠᠳᠠᠭᠰᠢ ᠲᠤᠮᠢᠯᠠᠭᠰᠠᠨ ᠬᠠᠮᠢᠶᠠᠳᠠᠢ ᠭᠡᠷᠡᠴᠢ ᠪᠠ ᠠᠷᠠᠳ ᠤᠨ ᠰᠢᠬᠦᠬᠦ ᠬᠤᠷᠢᠶ᠎ᠠ ᠶᠢᠨ ᠦᠬᠦᠭᠰᠡᠨ ᠢᠶᠠᠷ ᠵᠠᠷᠯᠠᠭᠰᠠᠨ ᠳ᠋ᠦᠩᠨᠡᠯᠲᠡ ᠶᠢ ᠲᠤᠰᠢᠶᠠᠨ᠎ᠠ᠃      ︵3︶ ᠠᠵᠢᠯ ᠳᠤ ᠶᠠᠪᠤᠵᠤ ᠠᠵᠢᠯ ᠠᠴᠠ ᠪᠠᠭᠤᠬᠤ ᠵᠠᠮ ᠵᠠᠭᠤᠷ᠎ᠠ᠂ ᠲᠤᠰ ᠬᠦᠮᠦᠨ ᠤ ᠭᠤᠣᠯ ᠬᠠᠷᠢᠭᠤᠴᠠᠯᠭ᠎ᠠ ᠪᠤᠰᠤ ᠵᠠᠮ ᠤᠨ ᠠᠳᠡᠯ ᠪᠤᠶᠤ ᠬᠤᠳᠠ ᠶᠢᠨ ᠵᠢᠮᠲᠦ ᠵᠠᠮ ᠬᠠᠷᠢᠯᠴᠠᠭ᠎ᠠ᠂ ᠠᠶᠠᠨᠴᠢᠳ ᠤᠨ ᠵᠦᠭᠡᠭᠡᠪᠦᠷᠢ ᠶᠢᠨ ᠤᠩᠭᠤᠴᠠ᠂ ᠭᠠᠯᠳᠤ ᠲᠡᠷᠭᠡ ᠶᠢᠨ ᠠᠳᠡᠯ ᠠᠴᠠ ᠪᠣᠯᠵᠤ ᠦᠬᠦᠵᠦ ᠰᠢᠷᠬᠠᠳᠤᠭᠰᠠᠨ ᠠᠳᠡᠯ᠂ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠠᠮ ᠬᠠᠷᠢᠯᠴᠠᠭ᠎ᠠ ᠶᠢᠨ ᠠᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠤᠭᠲᠠᠭᠠᠭᠰᠠᠨ ᠪᠢᠴᠢᠭ  ᠪᠣᠶᠣ ᠠᠷᠠᠳ ᠤᠨ ᠰᠢᠬᠦᠬᠦ ᠬᠤᠷᠢᠶ᠎ᠠ ᠶᠢᠨ ᠰᠢᠭᠦᠨ ᠲᠠᠰᠤᠯᠤᠯᠳᠠ ᠶᠢᠨ ᠪᠢᠴᠢᠭ ᠪᠤᠶᠤ ᠪᠤᠰᠤᠳ ᠬᠠᠮᠢᠶᠠᠳᠠᠢ ᠰᠠᠯᠠᠭ᠎ᠠ ᠮᠦᠴᠢᠷ ᠤᠨ ᠬᠦᠴᠦᠨ ᠪᠦᠬᠦᠢ ᠳ᠋ᠦᠩᠨᠡᠯᠲᠡ ᠪᠠᠨ ᠲᠤᠰᠢᠶᠠᠨ᠎ᠠ᠃      ︵4︶ ᠠᠵᠢᠯᠯᠠᠬᠤ ᠴᠠᠭ ᠪᠠ ᠠᠵᠢᠯ ᠤᠨ ᠪᠠᠶᠢᠷᠢᠨ ᠳᠠᠭᠠᠨ ᠬᠡᠨᠡᠳᠲᠡ ᠡᠪᠡᠳᠴᠢᠨ ᠨᠢ ᠬᠥᠳᠡᠯᠵᠦ ᠦᠬᠦᠭᠰᠡᠨ ᠪᠤᠶᠤ 48 ᠴᠠᠭ ᠤᠨ ᠲᠤᠳᠤᠷ᠎ᠠ ᠲᠦᠷᠭᠡᠨ ᠠᠪᠤᠷᠠᠭᠠᠳ ᠲᠤᠰᠠ ᠪᠤᠯᠤᠭᠰᠠᠨ ᠦᠭᠡᠢ ᠥᠬᠦᠭᠰᠡᠨ ᠨᠢ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠠᠪᠤᠷᠠᠭᠰᠠᠨ ᠲᠡᠮᠳᠡᠭᠯᠡᠯ ᠪᠠ ᠤᠨᠤᠰᠢᠯᠠᠯᠳᠠ ᠶᠢᠨ ᠪᠢᠴᠢᠭ ᠵᠢᠴᠢ ᠬᠠᠮᠢᠶᠠᠳᠠᠢ ᠡᠪᠡᠳᠴᠢᠨ ᠤ ᠲᠡᠦᠭᠡ ᠶᠢᠨ ᠮᠠᠲ᠋ᠧᠷᠢᠶᠠᠯ ᠢ ᠲᠤᠰᠢᠶᠠᠨ᠎ᠠ᠃      ︵5︶ ᠠᠶᠤᠯ ᠭᠠᠮᠰᠢᠭ ᠠᠴᠠ ᠠᠪᠤᠷᠠᠬᠤ ᠵᠡᠷᠭᠡ ᠤᠯᠤᠰ ᠤᠨ ᠠᠰᠢᠭ ᠲᠤᠰᠠ᠂ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠠᠵᠢᠯᠯᠠᠭᠠᠨ ᠳᠤᠮᠳᠠ ᠬᠡᠮᠳᠦᠭᠰᠡᠨ ᠨᠢ ᠬᠠᠤᠯᠢ ᠳᠥᠷᠢᠮ ᠲᠤᠭᠲᠠᠭᠠᠯ ᠶᠤᠰᠤᠭᠠᠷ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠲᠡᠰ ᠠᠴᠠ ᠲᠡᠭᠡᠭᠰᠢᠬᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠭᠠᠷᠭᠠᠵᠤ ᠦᠭᠭᠦᠭᠰᠡᠨ ᠬᠠᠮᠢᠶᠠᠳᠠᠢ ᠭᠡᠷᠡᠴᠢ ᠪᠠᠨ ᠲᠤᠰᠢᠶᠠᠨ᠎ᠠ᠃      ᠬᠦᠮᠦᠨ ᠬᠡᠷᠡᠭᠯᠡᠬᠦ ᠨᠢᠭᠡᠴᠡ ᠭᠤᠶᠤᠴᠢᠯᠠᠬᠤ ᠳᠤ ᠪᠠᠶᠢᠭᠤᠯᠭ᠎ᠠ ᠠᠴᠠ ᠨᠢ ᠲᠠᠮᠠᠭ᠎ᠠ ᠲᠠᠷᠤᠵᠤ ᠭᠠᠷ ᠤᠨ ᠦᠰᠦᠭ ᠵᠢᠷᠤᠵᠤ᠂ ᠠᠵᠢᠯ ᠠᠴᠠ ᠪᠣᠯᠵᠤ ᠭᠡᠮᠳᠦᠭᠰᠡᠨ ᠠᠵᠢᠯᠳᠠᠨ ᠪᠤᠶᠤ ᠲᠡᠭᠦᠨ ᠤ ᠲᠥᠷᠥᠯ ᠰᠠᠳᠤᠨ ᠭᠠᠷ ᠤᠨ ᠦᠰᠦᠭ ᠵᠢᠷᠤᠵᠤ ᠬᠤᠷᠤᠭᠤᠨ ᠤᠷᠤᠮ ᠢᠶᠠᠨ ᠲᠠᠷᠤᠨ᠎ᠠ᠂ ᠬᠤᠪᠢ ᠬᠦᠮᠦᠨ ᠭᠤᠶᠤᠴᠢᠯᠠᠬᠤ ᠳᠤ᠂ ᠠᠵᠢᠯ ᠠᠴᠠ ᠪᠣᠯᠵᠤ ᠭᠡᠮᠳᠦᠭᠰᠡᠨ ᠠᠵᠢᠯᠳᠠᠨ ᠪᠤᠶᠤ ᠲᠡᠭᠦᠨ ᠤ ᠲᠦᠷᠦᠯ ᠰᠠᠳᠤᠨ ᠭᠠᠷ ᠤᠨ ᠦᠰᠦᠭ ᠵᠢᠷᠤᠵᠤ ᠬᠤᠷᠤᠭᠤᠨ ᠤᠷᠤᠮ ᠢᠶᠠᠨ ᠲᠠᠷᠤᠨ᠎ᠠ᠂ ᠪᠠᠶᠢᠭᠤᠯᠭ᠎ᠠ ᠠᠴᠠ ᠨᠢ ᠲᠠᠮᠠᠭ᠎ᠠ ᠲᠠᠷᠤᠵᠤ ᠭᠠᠷ ᠤᠨ ᠦᠰᠦᠭ ᠵᠢᠷᠤᠬᠤ ᠴᠢᠬᠤᠯᠠ ᠦᠭᠡᠢ᠃      ( ᠭᠤᠷᠪᠠ ) ᠬᠦᠢᠴᠡᠳᠭᠡᠬᠦ ᠠᠷᠭ᠎ᠠ ᠬᠡᠯᠪᠡᠷᠢ      ᠲᠤᠬᠠᠢ ᠶᠢᠨ ᠲᠠᠯᠠᠪᠤᠷ ᠲᠤ ᠬᠦᠢᠴᠡᠳᠭᠡᠨ᠎ᠡ᠃      ( ᠳᠥᠷᠪᠡ ) ᠬᠦᠢᠴᠡᠳᠭᠡᠬᠦ ᠴᠠᠭ ᠤᠨ ᠬᠢᠵᠠᠭᠠᠷᠯᠠᠯ      ᠬᠠᠤᠯᠢ ᠳᠤ ᠲᠤᠭᠳᠠᠭᠰᠠᠨ 60 ᠪᠠᠶᠢᠭᠠᠯᠢ ᠶᠢᠨ ᠡᠳᠦᠷ      ( ᠲᠠᠪᠤ )  ᠦᠷ᠎ᠡ ᠳ᠋ᠦᠩ ᠤᠨ ᠬᠠᠷᠢᠭᠤ ᠲᠤᠰᠬᠠᠯᠲᠠ      ᠠᠵᠢᠯ ᠠᠴᠠ ᠪᠤᠯᠤᠭᠰᠠᠨ ᠭᠡᠮᠳᠦᠯ ᠢ ᠮᠠᠭᠠᠳᠯᠠᠨ ᠲᠤᠭᠲᠠᠭᠠᠭᠰᠠᠨ ᠰᠢᠢᠳᠪᠦᠷᠢ ᠶᠢ ᠭᠠᠷᠭᠠᠭᠰᠠᠨ ᠡᠳᠦᠷ ᠠᠴᠠ ᠡᠬᠢᠯᠡᠭᠰᠡᠨ 20 ᠡᠳᠦᠷ ᠤᠨ ᠲᠤᠳᠤᠷ᠎ᠠ᠂ ︽ᠠᠵᠢᠯ ᠠᠴᠠ ᠪᠤᠯᠤᠭᠰᠠᠨ ᠭᠡᠮᠳᠦᠯ  ᠢᠶᠠᠷ ᠮᠠᠭᠠᠳᠯᠠᠨ ᠲᠤᠭᠲᠠᠭᠠᠭᠰᠠᠨ ᠰᠢᠢᠳᠪᠦᠷᠢ ᠶᠢᠨ ᠪᠢᠴᠢᠭ︾ ᠪᠤᠶᠤ ︽ᠠᠵᠢᠯ ᠠᠴᠠ ᠪᠤᠯᠤᠭᠰᠠᠨ ᠬᠡᠮᠳᠦᠯ ᠢᠶᠠᠷ ᠮᠠᠭᠠᠳᠯᠠᠨ ᠲᠤᠭᠲᠠᠭᠠᠵᠤ ᠥᠭᠭᠦ ᠦᠭᠡᠢ ᠰᠢᠢᠳᠪᠦᠷᠢ ᠶᠢᠨ ᠪᠢᠴᠢᠭ︾ ᠢ ᠬᠡᠮᠳᠦᠭᠰᠡᠨ ᠠᠵᠢᠯᠳᠠᠨ ︵ᠪᠤᠶᠤ ᠲᠡᠭᠦᠨ ᠤ ᠲᠦᠷᠦᠯ ᠰᠠᠳᠤᠨ︶ ᠪᠠ ᠬᠦᠮᠦᠨ ᠬᠡᠷᠡᠭᠯᠡᠬᠦ ᠪᠠᠶᠢᠭᠤᠯᠭ᠎ᠠ ᠳᠤ ᠬᠦᠷᠭᠡᠨ ᠥᠭᠭᠦ ᠶᠢᠨ ᠬᠠᠮᠳᠤ ᠨᠡᠶᠢᠭᠡᠮ ᠤᠨ ᠲᠠᠭᠠᠳᠬᠠᠯ ᠢ ᠭᠠᠷᠳᠠᠨ ᠬᠦᠢᠴᠡᠳᠭᠡᠭᠴᠢ ᠪᠠᠶᠢᠭᠤᠯᠤᠮᠵᠢ ᠳᠤ ᠬᠠᠭᠤᠯᠤᠨ ᠬᠦᠷᠭᠡᠨ᠎ᠡ᠃      ( ᠵᠢᠷᠭᠤᠭ᠎ᠠ ) ᠰᠦᠢᠳᠭᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ      ᠰᠦᠢᠳᠭᠡᠯ ᠬᠤᠷᠢᠶᠠᠬᠤ ᠦᠭᠡᠢ᠃      (  ᠲᠤᠯᠤᠭ᠎ᠠ )  ᠬᠦᠢᠴᠡᠳᠭᠡᠬᠦ ᠴᠠᠭ      ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠤᠯᠲᠠᠯ᠎ᠠ ᠦᠳᠡ ᠶᠢᠨ ᠡᠮᠦᠨ᠎ᠡ 9᠄00-12᠄00︔ ᠦᠳᠡ ᠶᠢᠨ ᠬᠤᠶᠢᠨ᠎ᠠ 13᠄30 -17᠄00 ︵ᠬᠠᠤᠯᠢ ᠳᠤ ᠲᠤᠭᠳᠠᠭᠠᠭᠰᠠᠨ ᠪᠠᠶᠠᠷ ᠲᠤᠷᠠᠰᠬᠠᠯ  ᠠᠮᠠᠷᠠᠯᠲᠠ ᠶᠢᠨ ᠡᠳᠦᠷ ᠠᠴᠠ ᠭᠠᠳᠠᠨ᠎ᠠ︶      ( ᠨᠠᠢᠮᠠ ) ᠬᠦᠢᠴᠡᠳᠭᠡᠬᠦ ᠪᠠᠶᠢᠭᠤᠯᠤᠮᠵᠢ ᠵᠢᠴᠢ ᠭᠠᠵᠠᠷ      ᠬᠦᠬᠡᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ      ᠬᠠᠶ᠋ᠢᠭ᠄ ᠬᠦᠬᠡᠬᠤᠳᠠ ᠶᠢᠨ ᠬᠤᠳᠤᠩ ᠠᠷᠠᠳ ᠤᠨ ᠲᠤᠭᠤᠷᠢᠭ ᠤᠨ ᠬᠠᠢ ᠰᠢ ᠵᠠᠮ ᠤᠨ ᠶᠢᠨ ᠬᠠᠢ ᠤᠯᠠᠨ ᠤᠯᠤᠰ ᠤᠨ ᠲᠡᠮᠦᠷᠯᠢᠭ ᠮᠠᠰᠢᠨ ᠴᠠᠬᠢᠯᠭᠠᠨ ᠤ ᠬᠤᠳᠠ ᠶᠢᠨ E ᠪᠠᠶᠢᠷᠢ      ( ᠶᠢᠰᠦ ) ᠠᠰᠠᠭᠤᠨ ᠯᠠᠪᠯᠠᠬᠤ ᠠᠷᠭ᠎ᠠ ᠵᠠᠮ      ᠬᠥᠬᠡᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ      ᠬᠠᠶ᠋ᠢᠭ᠄ ᠬᠦᠬᠡᠬᠤᠳᠠ ᠶᠢᠨ ᠬᠤᠳᠤᠩ ᠠᠷᠠᠳ ᠤᠨ ᠲᠤᠭᠤᠷᠢᠭ ᠤᠨ ᠬᠠᠢ ᠰᠢ ᠵᠠᠮ ᠤᠨ ᠶᠢᠨ ᠬᠠᠢ ᠤᠯᠠᠨ ᠤᠯᠤᠰ ᠤᠨ ᠲᠡᠮᠦᠷᠯᠢᠭ ᠮᠠᠰᠢᠨ ᠴᠠᠬᠢᠯᠭᠠᠨ ᠤ ᠬᠤᠳᠠ ᠶᠢᠨ E ᠪᠠᠶᠢᠷᠢ      ᠤᠳᠠᠰᠤ᠄  0471-5181233      ( ᠠᠷᠪᠠ ) ᠬᠢᠨᠠᠯᠲᠠ ᠲᠠᠯᠪᠢᠬᠤ ᠵᠠᠭᠠᠯᠳᠤᠬᠤ ᠠᠷᠭ᠎ᠠ ᠵᠠᠮ      12333 ᠳᠤ ᠤᠳᠠᠰᠤᠳᠠᠵᠤ  ᠵᠠᠭᠠᠯᠳᠤᠨ᠎ᠠ᠃      ᠭᠤᠷᠪᠠ᠂ ᠬᠦᠢᠴᠡᠳᠭᠡᠬᠦ ᠲᠠᠷᠠᠭᠠᠯᠠᠯ ᠤᠨ ᠵᠢᠷᠤᠭ ᠢ ᠲᠠᠭᠠᠯᠳᠤᠭᠤᠯᠤᠯ ᠠᠴᠠ ᠦᠵᠡᠭᠡᠷᠡᠢ      ᠲᠠᠭᠠᠯᠳᠤᠭᠤᠯᠤᠯ᠄      ᠠᠵᠢᠯ ᠠᠴᠠ ᠪᠤᠯᠤᠭᠰᠠᠨ ᠬᠡᠮᠳᠦᠯ ᠢ ᠮᠠᠭᠠᠳᠯᠠᠨ ᠲᠤᠭᠲᠠᠭᠠᠬᠤ ᠦᠢᠯᠡᠴᠢᠯᠡᠭᠡ ᠶᠢᠨ ᠵᠦᠭᠯᠡᠭᠦᠷ                ᠲᠤᠰ ᠪᠢᠴᠢᠭ ᠢ ᠨᠡᠶᠢᠳᠡᠯᠡᠭᠰᠡᠨ ᠪᠠᠶᠢᠭᠤᠯᠤᠮᠵᠢ᠄ ᠬᠦᠬᠡᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号