ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ 10 ᠰᠠᠷ᠎ᠠ ᠶᠢᠨ | 22 ᠤᠨ ᠡᠳᠦᠷ ᠬᠤᠷᠠᠯᠳᠤᠭᠰᠠᠨ ︽ᠬᠥᠬᠡᠬᠤᠲᠠ ᠶᠢᠨ ᠮᠤᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ | ᠠᠷᠭ᠎ᠠ︾ ᠶᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ︽ᠬᠥᠬᠡᠬᠤᠲᠠ ᠶᠢᠨ ᠮᠣᠩᠭᠤᠯ | ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠠᠷᠭ᠎ᠠ︾ ᠶᠢ 12 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ | ᠡᠬᠢᠯᠡᠵᠦ ᠬᠡᠷᠡᠭᠵᠢᠭᠦᠯᠦᠨ᠎ᠡ᠃ | ᠤᠶᠢᠯᠠᠭᠠᠭᠰᠠᠨ ᠢᠶᠠᠷ᠂ ︽ᠬᠦᠬᠡᠬᠤᠳᠠ ᠶᠢᠨ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠬᠤ | ᠠᠷᠭ᠎ᠠ︾ ᠶᠢ ᠨᠡᠶᠢᠲᠡᠯᠡᠵᠦ ᠬᠡᠷᠡᠭᠵᠢᠭᠦᠯᠬᠦ ᠨᠢ ᠬᠥᠬᠡᠬᠤᠲᠠ ᠶᠢᠨ ᠮᠣᠩᠭᠤᠯ ᠡᠮ ᠡᠮᠨᠡᠯᠭᠡ ᠶᠢᠨ ᠦᠢᠯᠡᠰ ᠤᠨ | ᠬᠦᠭᠵᠢᠯᠳᠡ ᠳᠤ ᠪᠡᠯᠭᠡ ᠳᠡᠮᠳᠡᠭ ᠤᠨ ᠴᠢᠨᠠᠷ ᠲᠠᠢ ᠠᠴᠢ ᠬᠤᠯᠪᠤᠭᠳᠠᠯ ᠲᠠᠢ ᠶᠤᠮ᠂ ᠠᠩᠬᠠᠳᠤᠭᠠᠷ | ᠤᠳᠠᠭ᠎ᠠ ᠬᠠᠤᠯᠢ ᠴᠠᠭᠠᠵᠠ ᠶᠢᠨ ᠲᠠᠯ᠎ᠠ ᠠᠴᠠ ᠮᠤᠩᠭᠤᠯ ᠡᠮ ᠡᠮᠨᠡᠯᠭᠡ ᠶᠢᠨ ᠴᠢᠬᠤᠯᠠ ᠪᠠᠶᠢᠷᠢ ᠰᠠᠭᠤᠷᠢ ᠪᠤᠯᠤᠨ | ᠬᠠᠷᠠᠭᠠᠯᠵᠠᠨ ᠳᠡᠮᠵᠢᠬᠦ ᠠᠷᠭ᠎ᠠ ᠬᠡᠮᠵᠢᠶ᠎ᠡ ᠶᠢ ᠳᠤᠳᠤᠷᠬᠠᠢᠢᠯᠠᠵᠠᠢ᠃ ᠮᠠᠨ ᠤ ᠤᠷᠤᠨ ᠤ ᠬᠤᠳᠠ ᠶᠢᠨ ᠳᠡᠰ ᠠᠴᠠ | ᠲᠤᠭᠳᠠᠭᠠᠭᠰᠠᠨ ᠠᠩᠬᠠᠳᠤᠭᠠᠷ ᠪᠦᠯᠦᠭ ᠮᠤᠩᠭᠤᠯ ᠡᠮ ᠡᠮᠨᠡᠯᠭᠡ ᠶᠢᠨ ᠬᠠᠤᠯᠢ ᠲᠤᠭᠳᠠᠭᠠᠯ ᠪᠠᠶᠢᠵᠦ᠂ ᠲᠤᠰ | ᠠᠷᠭ᠎ᠠ ᠳᠤ ᠨᠡᠶᠢᠳᠡ 20 ᠵᠦᠢᠯ ᠤᠨ ᠠᠭᠤᠯᠭ᠎ᠠ ᠶᠢ ᠪᠠᠭᠲᠠᠭᠠᠵᠠᠢ᠃ | ᠬᠦᠬᠡᠬᠤᠳᠠ ᠳᠠᠷᠠᠭ᠎ᠠ ᠠᠯᠬᠤᠮ ᠳᠤ ︽ᠬᠦᠬᠡᠬᠤᠳᠠ ᠶᠢᠨ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ | ᠠᠬᠢᠭᠤᠯᠬᠤ ᠠᠷᠭ᠎ᠠ︾ ᠶᠢᠨ ᠲᠤᠭᠤᠷᠢᠨ ᠳᠤ ᠭᠤᠣᠯᠳᠠᠯᠭ᠎ᠠ ᠲᠠᠢ ᠵᠢᠷᠭᠤᠭᠠᠨ ᠲᠠᠯ᠎ᠠ ᠶᠢᠨ ᠠᠵᠢᠯ ᠢ ᠠᠬᠢᠭᠤᠯᠬᠤ | ᠪᠣᠯᠣᠨ᠎ᠠ᠃ ᠨᠢᠭᠡ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠦ᠂ ᠪᠦᠬᠦ ᠨᠡᠶᠢᠭᠡᠮ ᠢᠶᠠᠷ ᠢᠶᠠᠨ ᠮᠤᠩᠭᠤᠯ ᠡᠮ | ᠡᠮᠨᠡᠯᠭᠡ ᠶᠢᠨ ᠤᠯᠠᠮᠵᠢᠯᠠᠯᠳᠦ ᠮᠡᠳᠡᠯᠭᠡ ᠶᠢ ᠬᠦᠨᠳᠦᠳᠬᠡᠬᠦ ᠪᠠ ᠬᠠᠮᠠᠭᠠᠯᠠᠵᠦ᠂ ᠮᠤᠩᠭᠤᠯ ᠡᠮ ᠡᠮᠨᠡᠯᠭᠡ ᠶᠢᠨ | ᠦᠢᠯᠡᠰ ᠤᠨ ᠬᠦᠭᠵᠢᠯᠳᠡ ᠳᠤ ᠥᠷᠭᠡᠨ ᠢᠶᠠᠷ ᠣᠷᠣᠯᠴᠠᠬᠤ ᠰᠠᠶᠢᠨ ᠰᠠᠶᠢᠬᠠᠨ ᠣᠷᠴᠢᠨ ᠢ ᠪᠣᠢ ᠪᠣᠯᠭᠠᠨ᠎ᠠ᠃ ᠬᠤᠶᠠᠷ᠂ | ᠮᠤᠩᠭᠤᠯ ᠡᠮ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ ᠃ ᠭᠤᠷᠪᠠ᠂ ᠮᠤᠩᠭᠤᠯ ᠡᠮ ᠡᠮᠨᠡᠯᠭᠡ ᠶᠢ ᠨᠠᠰᠤᠵᠢᠯ ᠰᠤᠪᠢᠯᠠᠯᠳᠠ ᠲᠠᠢ ᠤᠷᠭᠠᠨᠢᠭ ᠢᠶᠠᠷ | ᠤᠶᠠᠯᠳᠤᠭᠤᠯᠬᠤ ᠶᠢ ᠠᠬᠢᠭᠤᠯᠤᠨ᠎ᠠ᠃ ᠳᠦᠷᠪᠡ᠂ ᠮᠤᠩᠭᠤᠯ ᠡᠮ ᠡᠮᠨᠡᠯᠭᠡ ᠶᠢᠨ ᠴᠢᠳᠠᠪᠤᠷᠢᠳᠠᠨ ᠤ ᠡᠩᠨᠡᠭᠡᠨ ᠤ | ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠨ᠎ᠠ᠃ ᠲᠠᠪᠤ᠂ ᠮᠤᠩᠭᠤᠯ ᠡᠮ ᠡᠮᠨᠡᠯᠭᠡ ᠶᠢᠨ ᠠᠵᠦ ᠦᠢᠯᠡᠰ ᠤᠨ | ᠬᠦᠷᠢᠶᠡᠯᠡᠩ ᠢ ᠶᠡᠭᠡ ᠪᠠᠷ ᠬᠥᠭᠵᠢᠭᠦᠯᠦᠨ᠎ᠡ᠃ ᠵᠢᠷᠭᠤᠭ᠎ᠠ᠂ ᠮᠤᠩᠭᠤᠯ ᠡᠮ ᠡᠮᠨᠡᠯᠭᠡ ᠶᠢᠨ ᠰᠤᠶᠤᠯ ᠢ ᠤᠯᠠᠮᠵᠢᠯᠠᠨ | ᠬᠦᠭᠵᠢᠬᠦᠯᠵᠦ ᠳᠡᠯᠭᠡᠷᠡᠭᠦᠯᠬᠦ ᠶᠢ ᠠᠬᠢᠭᠤᠯᠤᠨ᠎ᠠ᠃ |