| ᠪᠠᠷᠢᠯᠭᠠᠴᠢᠳ ᠪᠣᠷᠣᠭᠠᠨ ᠢᠶᠠᠷ ᠶᠠᠭᠠᠷᠠᠨ ᠠᠵᠢᠯᠯᠠᠵᠤ ᠪᠠᠶᠢᠨ᠎ᠠ | | | | | ᠮᠧᠲᠷᠣ᠋ ᠶᠢᠨ 1 ᠳ᠋ᠦ᠋ᠭᠡᠷ ᠱᠤᠭᠤᠮ ᠤᠨ ᠬᠤᠶᠢᠲᠤ ᠪᠤᠲᠠᠴᠢ ᠥᠷᠲᠡᠭᠡ ᠶᠢᠨ ᠡᠭᠦᠳᠡ | | | ᠮᠧᠲᠷᠣ᠋ ᠶᠢᠨ 1 ᠳ᠋ᠦ᠋ᠭᠡᠷ ᠱᠤᠭᠤᠮ ᠤᠨ ᠭᠤᠷᠪᠠᠨ ᠪᠠᠶᠢᠰᠢᠩ ᠲᠡᠷᠭᠡᠨ ᠤ ᠲᠠᠰᠤᠭ ᠤᠨ ᠪᠠᠶᠢᠴᠠᠭᠠᠯᠲᠠ ᠶᠢᠨ | ᠬᠥᠮᠥᠷᠭᠡ ᠳᠤ ᠵᠣᠭᠰᠣᠵᠤ ᠪᠠᠶᠢᠭ᠎ᠠ ᠮᠧᠲᠷᠣ᠋ ᠠᠶᠠᠨᠴᠢᠨ ᠤ ᠲᠡᠷᠭᠡ | | | | | ᠡᠨᠡ ᠵᠢᠯ ᠤᠨ 8 ᠳ᠋ᠤᠭᠠᠷ ᠰᠠᠷ᠎ᠠ ᠶᠢᠨ 13 ᠤ ᠡᠳᠦᠷ ᠮᠧᠲᠷᠣ᠋ ᠶᠢᠨ 1 ᠳ᠋ᠦ᠋ᠭᠡᠷ ᠱᠤᠭᠤᠮ ᠤᠨ ᠤᠷᠲᠤ ᠵᠠᠮ ᠲᠡᠮᠦᠷ | ᠨᠡᠪᠲᠡᠷᠡᠪᠡ | | | | | ᠮᠧᠲᠷᠣ᠋ ᠶᠢᠨ 1 ᠳ᠋ᠦ᠋ᠭᠡᠷ ᠱᠤᠭᠤᠮ ᠤᠨ ᠬᠤᠶᠢᠲᠤ ᠪᠤᠲᠠᠴᠢ ᠥᠷᠲᠡᠭᠡ ᠶᠢᠨ ᠲᠡᠷᠭᠡ ᠬᠦᠯᠢᠶᠡᠬᠦ ᠵᠣᠭᠰᠣᠭᠠᠯ | | | | | ᠮᠧᠲᠷᠣ᠋ ᠶᠢᠨ 2 ᠳ᠋ᠤᠭᠠᠷ ᠱᠤᠭᠤᠮ ᠤᠨ ᠬᠠᠭᠤᠴᠢᠨ ᠠᠶᠢᠯ ᠥᠷᠲᠡᠭᠡ ᠵᠠᠮ ᠲᠡᠮᠦᠷ ᠳᠡᠪᠢᠰᠬᠦ ᠠᠵᠢᠯ ᠢᠶᠠᠨ ᠱᠠᠯᠠᠪᠳᠠᠨ | ᠬᠢᠵᠦ ᠪᠠᠶᠢᠨ᠎ᠠ | | | | | ᠮᠧᠲᠷᠣ᠋ ᠶᠢᠨ 2 ᠳ᠋ᠤᠭᠠᠷ ᠱᠤᠭᠤᠮ ᠤᠨ ᠠᠶᠠᠨᠴᠢᠨ ᠤ ᠴᠠᠬᠢᠯᠭᠠᠨ ᠲᠡᠷᠭᠡ | | | | | 9 ᠰᠠᠷ᠎ᠠ ᠶᠢᠨ24 ᠤ ᠡᠳᠦᠷ ᠮᠧᠲᠷᠤ᠋ ᠶᠢᠨ1 ᠳ᠋ᠤᠭᠡᠷ ᠱᠤᠭᠤᠮ ᠶᠢᠨ ᠬᠠᠯᠠᠭᠤᠨ ᠭᠤᠯᠭᠤᠯᠲᠠ ᠶᠢᠨ ᠲᠤᠷᠰᠢᠯᠳᠠ | ᠡᠬᠢᠯᠡᠪᠡ | | 2016 ᠣᠨ ᠤ ᠬᠠᠪᠤᠷ ᠂ ᠬᠥᠬᠡᠬᠤᠲᠠ ᠶᠢᠨ ᠮᠧᠲᠷᠣ᠋ ᠶᠢᠨ ᠨᠢᠭᠡᠳᠦᠭᠡᠷ ᠥᠷᠥᠮ ᠡᠬᠢᠯᠡᠵᠦ | ᠠᠵᠢᠯᠯᠠᠭᠰᠠᠨ ᠠᠴᠠ ᠭᠤᠷᠪᠠᠨ ᠵᠢᠯ ᠭᠠᠷᠤᠢ ᠶᠢᠨ ᠶᠠᠭᠠᠷᠠᠯᠲᠠᠢ ᠪᠦᠲᠦᠭᠡᠨ ᠪᠠᠶᠢᠭᠤᠯᠤᠯᠲᠠ ᠪᠠᠷ ᠲᠠᠮᠵᠢᠭᠠᠳ ᠣᠳᠣ | ᠪᠣᠯᠬᠤ ᠳᠤ ᠲᠥᠪ ᠬᠤᠲᠠ ᠶᠢᠨ ᠮᠧᠲᠷᠣ᠋ ᠨᠡᠪᠲᠡᠷᠡᠬᠦ ᠴᠠᠭ ᠢ ᠬᠤᠷᠤᠭᠤ ᠲᠠᠷᠤᠨ ᠲᠤᠭᠠᠯᠠᠬᠤ ᠪᠤᠯᠤᠯ᠎ᠠ᠃ | ᠮᠧᠲᠷᠣ᠋ ᠶᠢᠨ 1 ᠳ᠋ᠦ᠋ᠭᠡᠷ ᠱᠤᠭᠤᠮ ᠤᠨ ᠨᠦᠬᠡᠨ ᠵᠠᠮ ᠨᠢᠳᠤᠨᠤᠨ ᠪᠦᠬᠦ ᠱᠤᠭᠤᠮ ᠢᠶᠠᠷ ᠨᠡᠪᠲᠡᠷᠡᠵᠦ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠪᠦᠬᠦ ᠲᠠᠯ᠎ᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠵᠦ᠂ ᠤᠯᠤᠰ ᠤᠨ ᠳᠣᠲᠣᠷ᠎ᠠ | ᠬᠤᠪᠣᠷᠬᠠᠨ ᠢᠯᠡᠷᠡᠬᠦ ᠰᠠᠶᠢᠨ ᠦᠷ᠎ᠡ ᠳ᠋ᠦᠩ ᠣᠯᠵᠠᠢ᠃ ᠡᠨᠡ ᠵᠢᠯ᠂ ᠴᠠᠭ ᠪᠠᠴᠢᠮ ᠡᠭᠦᠷᠭᠡ ᠬᠦᠨᠳᠦ ᠪᠠᠶᠢᠳᠠᠯ | ᠳᠣᠣᠷ᠎ᠠ᠂ ᠭᠠᠵᠠᠷ ᠳᠣᠣᠷᠠᠬᠢ ᠪᠦᠬᠦ ᠱᠤᠭᠤᠮ ᠤᠨ ᠲᠡᠮᠦᠷ ᠵᠠᠮ ᠢ ᠨᠡᠪᠲᠡᠷᠡᠭᠦᠯᠵᠦ᠂ ᠤᠷᠳᠤ ᠵᠢᠮ ᠪᠠ ᠪᠦᠬᠦ | ᠱᠤᠭᠤᠮ ᠳᠤ ᠴᠠᠬᠢᠯᠭᠠᠨ ᠨᠡᠪᠳᠡᠷᠡᠵᠦ᠂ ᠲᠦᠭᠦᠭᠡᠷᠦᠮᠵᠢ ᠤᠭᠰᠠᠷᠠᠬᠤ ᠪᠠ ᠵᠠᠰᠠᠵᠤ ᠴᠢᠮᠡᠬᠦ ᠠᠵᠢᠯ ᠪᠦᠬᠦ ᠲᠠᠯ᠎ᠠ | ᠪᠠᠷ ᠰᠡᠭᠦᠯ ᠰᠢᠪᠲᠤᠷᠠᠬᠤ ᠬᠤᠭᠤᠴᠠᠭᠠᠨ ᠳᠠᠭᠠᠨ ᠣᠷᠣᠭᠰᠠᠨ ᠮᠥᠷᠲᠡᠭᠡᠨ 9 ᠳ᠋ᠦ᠋ᠭᠡᠷ ᠰᠠᠷ᠎ᠠ ᠶᠢᠨ 6 ᠤ ᠡᠳᠦᠷ | ᠵᠢᠩᠬᠢᠨᠢ ᠪᠠᠷ ᠲᠤᠷᠰᠢᠨ ᠠᠵᠢᠯᠯᠠᠬᠤ ᠱᠠᠲᠤᠨ ᠳᠠᠭᠠᠨ ᠣᠷᠣᠭᠰᠠᠨ ᠪᠠᠶᠢᠨ᠎ᠠ᠃ ᠪᠠᠷᠤᠭᠯᠠᠬᠤ ᠪᠠᠷ ᠡᠨᠡ ᠵᠢᠯ ᠤᠨ | ᠰᠡᠭᠦᠯᠴᠢ ᠪᠠᠷ ᠲᠤᠷᠰᠢᠨ ᠡᠵᠡᠩᠨᠡᠬᠦ ᠱᠠᠲᠤᠨ ᠳᠠᠭᠠᠨ ᠣᠷᠣᠨ᠎ᠠ᠃ | ᠮᠧᠲᠷᠣ᠋ ᠶᠢᠨ 2 ᠳ᠋ᠤᠭᠠᠷ ᠱᠤᠭᠤᠮ ᠨᠢ ᠬᠡᠳᠦᠶᠢᠪᠡᠷ ᠣᠷᠣᠢ ᠠᠵᠢᠯ ᠡᠬᠢᠯᠡᠵᠦ᠂ ᠠᠵᠢᠯ ᠤᠨ ᠪᠡᠷᠭᠡᠰᠢᠶᠡᠯ | ᠶᠡᠭᠡ ᠪᠠᠶᠢᠭᠰᠠᠨ ᠴᠤ ᠪᠦᠲᠦᠭᠡᠨ ᠪᠠᠶᠢᠭᠤᠯᠤᠭᠴᠢᠳ ᠳᠠᠪᠬᠤᠷ ᠳᠠᠪᠬᠤᠷ ᠬᠦᠴᠢᠷ ᠪᠡᠷᠬᠡ ᠶᠢ ᠢᠯᠠᠨ ᠳᠠᠪᠠᠵᠤ᠂ 24 | ᠭᠠᠵᠠᠷ ᠳᠣᠣᠷᠠᠬᠢ ᠥᠷᠲᠡᠭᠡ 9 ᠳ᠋ᠦ᠋ᠭᠡᠷ ᠰᠠᠷ᠎ᠠ ᠶᠢᠨ 11 ᠤ ᠡᠳᠦᠷ ᠪᠦᠬᠦ ᠱᠤᠭᠤᠮ ᠢᠶᠠᠷ ᠨᠡᠪᠲᠡᠷᠡᠵᠦ᠂ ᠨᠡᠬᠡᠮᠡᠯ | ᠥᠷᠲᠡᠭᠡ ᠶᠢ ᠭᠠᠷᠭᠠᠪᠠᠯ ᠪᠤᠰᠤᠳ ᠥᠷᠲᠡᠭᠡ ᠶᠢᠨ ᠭᠤᠣᠯ ᠪᠦᠲᠦᠴᠡ ᠴᠥᠮ ᠳᠡᠭᠡᠪᠦᠷ ᠢᠶᠠᠨ ᠪᠢᠲᠡᠭᠦᠯᠡᠵᠡᠢ᠃ | ᠥᠷᠲᠡᠭᠡ ᠶᠢᠨ ᠵᠠᠰᠠᠵᠤ ᠴᠢᠮᠡᠬᠦ ᠵᠢᠴᠢ ᠪᠡᠯᠡᠳᠬᠡᠮᠵᠢ ᠶᠢ ᠤᠭᠰᠠᠷᠠᠵᠤ ᠲᠣᠬᠢᠷᠠᠭᠤᠯᠬᠤ ᠠᠵᠢᠯ ᠪᠦᠷ ᠡᠬᠢᠯᠡᠵᠡᠢ︔ ᠪᠦᠬᠦ | ᠱᠤᠭᠤᠮ ᠤᠨ ᠬᠤᠭᠤᠷᠣᠨᠳᠤ ᠵᠠᠮ ᠨᠡᠪᠲᠡᠷᠡᠵᠦ᠂ ᠵᠠᠮ ᠲᠡᠮᠦᠷ ᠳᠡᠪᠢᠰᠬᠦ ᠠᠵᠢᠯ ᠪᠦᠬᠦ ᠲᠠᠯ᠎ᠠ ᠪᠠᠷ ᠡᠬᠢᠯᠡᠭᠡᠳ ᠪᠦᠬᠦ | ᠠᠵᠢᠯ ᠤᠨ 75% ᠶᠢ ᠪᠡᠶᠡᠯᠡᠭᠦᠯᠵᠦ᠂ 2020 ᠣᠨ ᠤ 6 ᠳ᠋ᠤᠭᠠᠷ ᠰᠠᠷ᠎ᠠ ᠳᠤ ᠲᠡᠷᠭᠡ ᠨᠡᠪᠲᠡᠷᠡᠵᠦ ᠲᠤᠷᠰᠢᠨ | ᠡᠵᠡᠩᠨᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ |