︽ᠬᠦᠬᠡᠬᠤᠳᠠ ᠶᠢᠨ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠬᠤ ᠠᠷᠭ᠎ᠠ︾ ᠶᠢ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2019/10/25
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ 10 ᠰᠠᠷ᠎ᠠ ᠶᠢᠨ 22 ᠤᠨ ᠡᠳᠦᠷ ᠬᠤᠷᠠᠯᠳᠤᠭᠰᠠᠨ ︽ᠬᠥᠬᠡᠬᠤᠲᠠ ᠶᠢᠨ ᠮᠤᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠠᠷᠭ᠎ᠠ︾ ᠶᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ︽ᠬᠥᠬᠡᠬᠤᠲᠠ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠠᠷᠭ᠎ᠠ︾ ᠶᠢ 12 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠵᠦ ᠬᠡᠷᠡᠭᠵᠢᠭᠦᠯᠦᠨ᠎ᠡ᠃      ᠤᠶᠢᠯᠠᠭᠠᠭᠰᠠᠨ ᠢᠶᠠᠷ᠂ ︽ᠬᠦᠬᠡᠬᠤᠳᠠ ᠶᠢᠨ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠬᠤ ᠠᠷᠭ᠎ᠠ︾ ᠶᠢ ᠨᠡᠶᠢᠲᠡᠯᠡᠵᠦ ᠬᠡᠷᠡᠭᠵᠢᠭᠦᠯᠬᠦ ᠨᠢ ᠬᠥᠬᠡᠬᠤᠲᠠ ᠶᠢᠨ ᠮᠣᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠳᠤ ᠪᠡᠯᠭᠡ ᠳᠡᠮᠳᠡᠭ ᠤᠨ ᠴᠢᠨᠠᠷ ᠲᠠᠢ ᠠᠴᠢ ᠬᠤᠯᠪᠤᠭᠳᠠᠯ ᠲᠠᠢ ᠶᠤᠮ᠂ ᠠᠩᠬᠠᠳᠤᠭᠠᠷᠤᠳᠠᠭ᠎ᠠ ᠬᠠᠤᠯᠢ ᠴᠠᠭᠠᠵᠠ ᠶᠢᠨ ᠲᠠᠯ᠎ᠠ ᠠᠴᠠ ᠮᠤᠩᠭᠤᠯ ᠡᠮ ᠡᠮᠨᠡᠯᠭᠡ ᠶᠢᠨ ᠴᠢᠬᠤᠯᠠ ᠪᠠᠶᠢᠷᠢ ᠰᠠᠭᠤᠷᠢ ᠪᠤᠯᠤᠨ ᠬᠠᠷᠠᠭᠠᠯᠵᠠᠨ ᠳᠡᠮᠵᠢᠬᠦ ᠠᠷᠭ᠎ᠠ ᠬᠡᠮᠵᠢᠶ᠎ᠡ ᠶᠢ ᠳᠤᠳᠤᠷᠬᠠᠢᠢᠯᠠᠵᠠᠢ᠃ ᠮᠠᠨ ᠤ ᠤᠷᠤᠨ ᠤ ᠬᠤᠳᠠ ᠶᠢᠨ ᠳᠡᠰ ᠠᠴᠠ ᠲᠤᠭᠳᠠᠭᠠᠭᠰᠠᠨ ᠠᠩᠬᠠᠳᠤᠭᠠᠷ ᠪᠦᠯᠦᠭ ᠮᠤᠩᠭᠤᠯ ᠡᠮ ᠡᠮᠨᠡᠯᠭᠡ ᠶᠢᠨ ᠬᠠᠤᠯᠢ ᠲᠤᠭᠳᠠᠭᠠᠯ ᠪᠠᠶᠢᠵᠦ᠂ ᠲᠤᠰ ᠠᠷᠭ᠎ᠠ ᠳᠤ ᠨᠡᠶᠢᠳᠡ 20 ᠵᠦᠢᠯ ᠤᠨ ᠠᠭᠤᠯᠭ᠎ᠠ ᠶᠢ ᠪᠠᠭᠲᠠᠭᠠᠵᠠᠢ᠃      ᠬᠦᠬᠡᠬᠤᠳᠠ ᠳᠠᠷᠠᠭ᠎ᠠ ᠠᠯᠬᠤᠮ ᠳᠤ ︽ᠬᠦᠬᠡᠬᠤᠳᠠ ᠶᠢᠨ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠬᠤ ᠠᠷᠭ᠎ᠠ︾ ᠶᠢᠨ ᠲᠤᠭᠤᠷᠢᠨ ᠳᠤ ᠭᠤᠣᠯᠳᠠᠯᠭ᠎ᠠ ᠲᠠᠢ ᠵᠢᠷᠭᠤᠭᠠᠨ ᠲᠠᠯ᠎ᠠ ᠶᠢᠨ ᠠᠵᠢᠯ ᠢ ᠠᠬᠢᠭᠤᠯᠬᠤ ᠪᠣᠯᠣᠨ᠎ᠠ᠃ ᠨᠢᠭᠡ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠦ᠂ ᠪᠦᠬᠦ ᠨᠡᠶᠢᠭᠡᠮ ᠢᠶᠠᠷ ᠢᠶᠠᠨ ᠮᠤᠩᠭᠤᠯ ᠡᠮ ᠡᠮᠨᠡᠯᠭᠡ ᠶᠢᠨ ᠤᠯᠠᠮᠵᠢᠯᠠᠯᠳᠦ ᠮᠡᠳᠡᠯᠭᠡ ᠶᠢ ᠬᠦᠨᠳᠦᠳᠬᠡᠬᠦ ᠪᠠ ᠬᠠᠮᠠᠭᠠᠯᠠᠵᠦ᠂ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠳᠤ ᠥᠷᠭᠡᠨ ᠢᠶᠠᠷ ᠣᠷᠣᠯᠴᠠᠬᠤ ᠰᠠᠶᠢᠨ ᠰᠠᠶᠢᠬᠠᠨ ᠣᠷᠴᠢᠨ ᠢ ᠪᠣᠢ ᠪᠣᠯᠭᠠᠨ᠎ᠠ᠃ ᠬᠤᠶᠠᠷ᠂ ᠮᠤᠩᠭᠤᠯ ᠡᠮ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ  ᠃ ᠭᠤᠷᠪᠠ᠂ ᠮᠤᠩᠭᠤᠯ ᠡᠮ ᠡᠮᠨᠡᠯᠭᠡ ᠶᠢ ᠨᠠᠰᠤᠵᠢᠯ ᠰᠤᠪᠢᠯᠠᠯᠳᠠ ᠲᠠᠢ ᠤᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ ᠳᠦᠷᠪᠡ᠂ ᠮᠤᠩᠭᠤᠯ ᠡᠮ ᠡᠮᠨᠡᠯᠭᠡ ᠶᠢᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠨ᠎ᠠ᠃ ᠲᠠᠪᠤ᠂ ᠮᠤᠩᠭᠤᠯ ᠡᠮ ᠡᠮᠨᠡᠯᠭᠡ ᠶᠢᠨ ᠠᠵᠦ ᠦᠢᠯᠡᠰ ᠤᠨ ᠬᠦᠷᠢᠶᠡᠯᠡᠩ ᠢ ᠶᠡᠭᠡ ᠪᠠᠷ ᠬᠥᠭᠵᠢᠭᠦᠯᠦᠨ᠎ᠡ᠃ ᠵᠢᠷᠭᠤᠭ᠎ᠠ᠂ ᠮᠤᠩᠭᠤᠯ ᠡᠮ ᠡᠮᠨᠡᠯᠭᠡ ᠶᠢᠨ ᠰᠤᠶᠤᠯ ᠢ ᠤᠯᠠᠮᠵᠢᠯᠠᠨ ᠬᠦᠭᠵᠢᠬᠦᠯᠵᠦ ᠳᠡᠯᠭᠡᠷᠡᠭᠦᠯᠬᠦ ᠶᠢ ᠠᠬᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ