ᠦᠴᠤᠸᠠᠨ ᠰᠢᠶᠠᠨ ᠪᠦᠬᠦ ᠤᠯᠤᠰ ᠤᠨ ᠵᠢᠷᠭᠤᠳᠤᠭᠠᠷ ᠤᠳᠠᠭᠠᠨ ᠤ ︽ᠶᠠᠳᠠᠭᠤ ᠶᠢ ᠲᠡᠳᠬᠦᠬᠦ ᠡᠳᠦᠷ︾ ᠢ ᠡᠬᠢᠯᠡᠭᠦᠯᠬᠦ ᠵᠢᠴᠢ ᠬᠠᠨᠳᠢᠪᠯᠠᠨ ᠬᠦᠷᠭᠡᠬᠦ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2019-10-29
     10 ᠰᠠᠷ᠎ᠠ ᠶᠢᠨ 17 ᠤ ᠡᠳᠦᠷ ᠪᠣᠯ ᠮᠠᠨ ᠤ ᠤᠯᠤᠰ ᠤᠨ ᠵᠢᠷᠭᠤᠳᠠᠬᠢ ᠶᠠᠳᠠᠭᠤ ᠶᠢ ᠲᠡᠳᠬᠦᠬᠦ ᠡᠳᠦᠷ ᠮᠥᠨ ᠂ ᠪᠠᠰᠠ ᠴᠤ ᠣᠯᠠᠨ ᠤᠯᠤᠰ ᠤᠨ 27 ᠳ᠋ᠤᠭᠠᠷ ᠶᠠᠳᠠᠭᠤ ᠬᠦᠴᠢᠷᠳᠡᠯ ᠢ ᠠᠷᠢᠯᠭᠠᠬᠤ ᠡᠳᠦᠷ ᠮᠥᠨ᠃ ᠶᠠᠳᠠᠭᠤ ᠶᠢ ᠲᠡᠳᠬᠦᠬᠦ ᠡᠳᠦᠷ ᠤᠨ ᠲᠣᠰ ᠡᠳᠦᠷ᠂ ᠦᠴᠤᠸᠠᠨ ᠰᠢᠶᠠᠨ ︽ᠶᠠᠳᠠᠭᠤ ᠶᠢ ᠲᠡᠳᠬᠦᠬᠦ ᠠᠵᠢᠯ ᠴᠢ ᠪᠢᠳᠡᠨ ᠤ ᠰᠡᠳᠬᠢᠯ ᠳᠤ᠂ ᠪᠣᠭᠤᠮᠲᠠ ᠰᠢᠪᠲᠤᠯᠵᠤ ᠣᠯᠠᠨ ᠲᠠᠢ ᠬᠠᠮᠲᠤ ᠤᠷᠤᠭᠰᠢᠯᠠᠶ᠎ᠠ︾ ᠭᠡᠬᠦ ᠭᠤᠤᠯ ᠰᠡᠳᠦᠪᠲᠦ ᠶᠠᠳᠠᠭᠤ ᠶᠢ ᠲᠡᠳᠬᠦᠬᠦ ᠡᠳᠦᠷ ᠢ ᠡᠬᠢᠯᠡᠭᠦᠯᠬᠦ ᠵᠢᠴᠢ ᠬᠠᠨᠳᠢᠪᠯᠠᠨ ᠬᠦᠷᠭᠡᠬᠦ ᠶᠣᠰᠣᠯᠠᠯ ᠥᠷᠨᠢᠭᠦᠯᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠬᠠᠢ ᠲᠤᠤ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ L E D ᠲᠣᠮᠣ ᠳᠡᠯᠭᠡᠴᠡᠨ ᠳᠤ ᠦᠴᠦᠸᠠᠨ ᠰᠢᠶᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠶᠢᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠠᠶᠢᠳᠠᠯ ᠢ ᠨᠡᠪᠲᠡᠷᠡᠭᠦᠯᠵᠦ᠂ ᠴᠥᠭᠡᠨ ᠪᠤᠰᠤ ᠣᠯᠠᠨ ᠲᠦᠮᠡᠨ ᠤ ᠠᠩᠬᠠᠷᠤᠯ ᠢ ᠲᠠᠲᠠᠵᠤ᠂ ᠠᠵᠢᠯᠲᠠᠳ ᠠᠴᠠ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠯᠠᠪᠯᠠᠨ ᠠᠰᠠᠭᠤᠵᠤ ᠪᠠᠶᠢᠭ᠎ᠠ ᠳᠤ ᠨᠠᠷᠢᠨ ᠬᠢᠨᠠᠮᠠᠭᠠᠶ ᠲᠠᠶᠢᠯᠪᠤᠷᠢᠯᠠᠯ ᠬᠢᠵᠤ ᠣᠯᠠᠨ ᠲᠦᠮᠡᠨ ᠤ ᠡᠷᠡᠭᠡᠯᠵᠡᠭᠡ ᠶᠢ ᠲᠠᠶᠢᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ︽ᠬᠥᠮᠦᠨ ᠪᠦᠬᠦᠨ ᠳᠤᠷᠠᠲᠠᠶ᠂ ᠬᠥᠮᠦᠨ ᠪᠦᠬᠦᠨ ᠬᠢᠵᠤ ᠪᠣᠯᠬᠤ᠂ ᠬᠥᠮᠦᠨ ᠪᠦᠬᠦᠨ ᠬᠢᠵᠤ ᠴᠢᠳᠠᠬᠤ︾ ᠭᠡᠬᠦ ᠪᠦᠬᠦ ᠠᠷᠠᠳ ᠤᠨ ᠨᠡᠶᠢᠲᠡ ᠶᠢᠨ ᠠᠰᠠᠷᠠᠮᠵᠢ ᠶᠢᠨ ᠣᠢᠯᠠᠭᠠᠭᠳᠠᠬᠤᠨ ᠢ ᠶᠡᠬᠡᠪᠡᠷ ᠰᠠᠨᠠᠭᠠᠴᠢᠯᠠᠵᠤ᠂ ᠭᠠᠷ ᠬᠤᠯᠪᠣᠨ ᠶᠠᠳᠠᠭᠤ ᠬᠦᠴᠢᠷᠳᠡᠯᠲᠡᠶ ᠪᠦᠯᠬᠦᠮ ᠢ ᠠᠷᠢᠯᠭᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ  ᠪᠠᠶᠢᠭᠤᠯᠵᠤ᠂ ᠬᠠᠮᠲᠤᠪᠠᠷ ᠴᠢᠨᠡᠭᠡᠯᠢᠭᠵᠢᠬᠦ  ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠤᠯᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号