ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2019 ᠣᠨ ᠤ ᠪᠡᠶ᠎ᠡ ᠶᠢᠨ ᠲᠠᠮᠢᠷ ᠤᠷᠠᠯᠢᠭ ᠬᠥᠳᠡᠯᠮᠦᠷᠢ ᠡᠷᠡᠭᠦᠯ ᠬᠠᠮᠠᠭᠠᠯᠠᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠥᠵᠢᠯ ᠤᠨ ᠪᠡᠯᠡ ᠮᠥᠩᠭᠦ 145 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2019-10-29
       ︵ᠰᠤᠷᠪᠤᠯᠵᠢᠯᠠᠭᠴᠢ ᠰᠦᠩ ᠰᠢᠶᠠᠩ ᠬᠤᠸᠠ︶  ︽2019 ᠣᠨ ᠤ ᠪᠡᠶ᠎ᠡ ᠶᠢᠨ ᠲᠠᠮᠢᠷ ᠤᠷᠠᠯᠢᠭ ᠬᠥᠳᠡᠯᠮᠦᠷᠢ ᠡᠷᠡᠭᠦᠯ ᠬᠠᠮᠠᠭᠠᠯᠠᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠥᠵᠢᠯ ᠤᠨ ᠪᠡᠯᠡ ᠮᠥᠩᠭᠦ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠶᠢᠨ ᠬᠤᠪᠢᠶᠠᠷᠢᠯᠠᠬᠤ ᠰᠠᠨᠠᠯ ᠤᠨ ᠶᠣᠰᠣᠭᠠᠷ᠂ ᠲᠦᠷᠦᠭᠦᠬᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2019 ᠣᠨ ᠤ ᠪᠡᠶ᠎ᠡ ᠶᠢᠨ ᠲᠠᠮᠢᠷ ᠤᠷᠠᠯᠢᠭ ᠬᠥᠳᠡᠯᠮᠦᠷᠢ ᠡᠷᠡᠭᠦᠯ ᠬᠠᠮᠠᠭᠠᠯᠠᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠥᠵᠢᠯ ᠤᠨ ᠪᠡᠯᠡ ᠮᠥᠩᠭᠦ 145 ᠲᠦᠮᠡᠨ ᠲᠥᠭᠦᠷᠢᠭ ᠪᠠᠭᠤᠯᠭᠠᠭᠰᠠᠨ ᠪᠥᠭᠡᠳ ᠡᠯ᠎ᠡ ᠲᠥᠷᠥᠯ ᠤᠨ ᠪᠡᠯᠡ ᠮᠥᠩᠭᠦ ᠶᠢᠨ ᠬᠡᠷᠡᠭᠴᠡᠭᠡ ᠶᠢ ᠲᠣᠳᠣᠷᠬᠠᠶᠢᠯᠠᠭᠰᠠᠨ ᠪᠠᠶᠢᠨ᠎ᠠ᠃      ᠰᠤᠷᠭᠠᠭᠤᠯᠢ ᠶᠢᠨ ᠤᠷᠠᠯᠢᠭ ᠤᠨ ᠰᠤᠷᠭᠠᠨ ᠬᠥᠮᠥᠵᠢᠯ ᠤᠨ ᠪᠡᠯᠡ ᠮᠥᠩᠭᠦ ︵ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠦᠯᠢᠶᠡᠭᠦᠷ ᠬᠥᠭᠵᠢᠮ ᠤᠨ ᠪᠦᠯᠬᠦᠮ ᠤᠨ ᠪᠡᠯᠡ ᠮᠥᠩᠭᠦ 40 ᠲᠦᠮᠡᠨ ᠲᠥᠭᠦᠷᠢᠭ︶᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠰᠤᠷᠭᠠᠭᠤᠯᠢ ᠶᠢᠨ ᠤᠷᠠᠯᠢᠭ ᠤᠨ ᠰᠤᠷᠭᠠᠨ ᠬᠥᠮᠥᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠠᠨᠠᠯ︾ ᠵᠢᠴᠢ ᠰᠤᠷᠭᠠᠨ ᠬᠥᠮᠥᠵᠢᠯ ᠤᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠲᠣᠭᠲᠠᠭᠰᠠᠨ ᠤᠷᠠᠯᠢᠭ ᠤᠨ ᠰᠤᠷᠭᠠᠨ ᠬᠥᠮᠥᠵᠢᠯ ᠤᠨ ᠬᠥᠭᠵᠢᠯᠲᠡ ᠶᠢᠨ ᠰᠠᠨᠠᠮᠵᠢ ᠪᠢᠴᠢᠭ ᠵᠢᠴᠢ ᠪᠦᠬᠦ ᠣᠷᠣᠨ ᠤ ᠤᠷᠠᠯᠢᠭ ᠤᠨ ᠰᠤᠷᠭᠠᠨ ᠬᠥᠮᠥᠵᠢᠯ ᠤᠨ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠦᠯᠢᠶᠡᠭᠦᠷ ᠬᠥᠭᠵᠢᠮ ᠤᠨ ᠪᠦᠯᠬᠦᠮ ᠢ ᠭᠤᠣᠯᠳᠠᠯᠭ᠎ᠠ ᠲᠠᠢ ᠴᠣᠭᠴᠠᠯᠠᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠲᠤᠰᠬᠠᠢ ᠪᠡᠯᠡ ᠮᠥᠩᠭᠦ ᠶᠢ ᠬᠥᠭᠵᠢᠮ ᠬᠤᠳᠠᠯᠳᠤᠨ ᠠᠪᠬᠤ ᠪᠠ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ᠳᠤ ᠬᠡᠷᠡᠭᠯᠡᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡ ᠮᠥᠩᠭᠦ 40 ᠲᠦᠮᠡᠨ ᠲᠥᠭᠦᠷᠢᠭ᠃ ᠡᠭᠦᠨ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠳᠡᠮᠵᠢᠬᠦ ᠪᠡᠯᠡ ᠮᠥᠩᠭᠦ ᠶᠢ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠬᠦ᠂ ᠪᠦᠬᠦ ᠣᠷᠣᠨ ᠪᠠ ᠪᠦᠬᠦ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠵᠢᠴᠢ ᠪᠡᠶ᠎ᠡ ᠶᠢᠨ ᠲᠠᠮᠢᠷ ᠤᠨ ᠲᠥᠷᠥᠯ ᠤᠨ ᠣᠨᠴᠠᠯᠢᠭᠲᠤ ᠰᠤᠷᠭᠠᠭᠤᠯᠢ ᠪᠠᠶᠢᠭᠤᠯᠬᠤ ᠳᠤ ᠬᠡᠷᠡᠭᠯᠡᠨ᠎ᠡ︔ ᠪᠦᠬᠦ ᠣᠷᠣᠨ ᠤ ᠰᠤᠷᠤᠭᠴᠢ ᠶᠢᠨ ᠪᠡᠶ᠎ᠡ ᠶᠢᠨ ᠲᠠᠮᠢᠷ ᠤᠨ ᠭᠠᠭᠴᠠ ᠲᠥᠷᠥᠯ ᠤᠨ ᠤᠷᠤᠯᠳᠤᠭᠠᠨ ᠢ ᠡᠷᠬᠢᠯᠡᠬᠦ ᠪᠡᠯᠡ ᠮᠥᠩᠭᠦ ᠶᠢ ᠪᠦᠬᠦ ᠣᠷᠣᠨ ᠤ ᠰᠤᠷᠤᠭᠴᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠬᠦ ᠳᠤ ᠪᠠᠲᠤᠯᠠᠭ᠎ᠠ ᠪᠣᠯᠭᠠᠨ᠎ᠠ︔ ᠪᠦᠬᠦ ᠣᠷᠣᠨ ᠤ ᠴᠠᠰᠤ ᠮᠥᠰᠥᠨ ᠳᠡᠭᠡᠷᠡᠬᠢ ᠬᠥᠳᠡᠯᠭᠡᠭᠡᠨ ᠤ ᠪᠡᠯᠡ ᠮᠥᠩᠭᠦ ᠶᠢ ᠴᠠᠰᠤ ᠮᠥᠰᠥᠨ ᠳᠡᠭᠡᠷᠡᠬᠢ ᠬᠥᠳᠡᠯᠭᠡᠭᠡᠨ ᠥᠷᠨᠢᠭᠦᠯᠬᠦ ᠳᠤ ᠪᠡᠯᠡ ᠮᠥᠩᠭᠦ ᠶᠢᠨ ᠳᠡᠮᠵᠢᠯᠭᠡ ᠪᠣᠯᠭᠠᠨ᠎ᠠ᠃ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠪᠡᠯᠡ ᠮᠥᠩᠭᠦ 50 ᠲᠦᠮᠡᠨ ᠲᠥᠭᠦᠷᠢᠭ᠃ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠵᠢᠴᠢ ᠡᠷᠡᠭᠦᠯ ᠮᠡᠨᠳᠦ ᠶᠢᠨ ᠰᠤᠷᠭᠠᠨ ᠬᠥᠮᠥᠵᠢᠯ ᠤᠨ ᠬᠥᠳᠡᠯᠭᠡᠭᠡᠨ ᠢ ᠳᠡᠮᠵᠢᠬᠦ ᠪᠡᠯᠡ ᠮᠥᠩᠭᠦ ᠪᠠᠭᠲᠠᠵᠤ᠂ ᠪᠦᠬᠦ ᠤᠯᠤᠰ ᠤᠨ ᠰᠤᠷᠤᠭᠴᠢ ᠶᠢᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠲᠤ ᠰᠤᠳᠤᠯᠤᠨ ᠪᠠᠶᠢᠴᠠᠭᠠᠯᠲᠠ ᠬᠢᠬᠦ ᠪᠡᠯᠡ ᠮᠥᠩᠭᠦ ᠶᠢ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠰᠤᠷᠤᠭᠴᠢ ᠶᠢᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠶᠢᠳᠠᠯ ᠢ ᠰᠤᠳᠤᠯᠤᠨ ᠪᠠᠶᠢᠴᠠᠭᠠᠬᠤ ᠳᠤ ᠬᠡᠷᠡᠭᠯᠡᠨ᠎ᠡ︔ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠰᠢᠶᠠᠨ᠂ ᠲᠤᠷᠰᠢᠯᠲᠠ ᠶᠢᠨ ᠣᠷᠣᠨ ᠳᠤ ᠪᠡᠯᠡ ᠮᠥᠩᠭᠦ ᠶᠢᠨ ᠳᠡᠮᠵᠢᠯᠭᠡ ᠪᠣᠯᠭᠠᠵᠤ᠂ ᠰᠤᠷᠭᠠᠨ ᠬᠥᠮᠥᠵᠢᠯ ᠤᠨ ᠶᠠᠮᠤᠨ ᠠᠴᠠ ᠲᠣᠭᠲᠠᠭᠠᠭᠰᠠᠨ ︽ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠣᠷᠣᠨ︾ ︽ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ︾ ᠵᠢᠴᠢ ᠮᠠᠨ ᠤ ᠣᠷᠣᠨ  ᠠᠴᠠ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ ᠲᠤ ᠳᠡᠮᠵᠢᠯᠭᠡ ᠪᠣᠯᠭᠠᠨ ᠬᠡᠷᠡᠭᠯᠡᠨ᠎ᠡ᠃ ᠰᠤᠷᠤᠭᠴᠢ ᠶᠢᠨ ᠬᠥᠳᠡᠯᠮᠦᠷᠢ ᠶᠢᠨ ᠰᠤᠷᠭᠠᠨ ᠬᠥᠮᠥᠵᠢᠯ ᠤᠨ ᠪᠡᠯᠡ ᠮᠥᠩᠭᠦ ︵ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠠᠩᠬ᠎ᠠ ᠳᠤᠮᠳᠠᠳᠤ ᠶᠢᠨ ᠰᠤᠷᠭᠠᠨ ᠬᠥᠮᠥᠵᠢᠯ ᠤᠨ ᠲᠤᠷᠰᠢᠯᠲᠠ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 15 ᠲᠦᠮᠡᠨ ᠲᠥᠭᠦᠷᠢᠭ︶ ᠶᠢ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠦᠢᠯᠡᠳᠦᠯᠭᠡ ᠶᠢᠨ ᠰᠤᠷᠭᠠᠨ ᠬᠥᠮᠥᠵᠢᠯ ᠤᠨ ᠲᠤᠷᠰᠢᠯᠲᠠ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠡᠷᠡᠭᠯᠡᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号