ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠡᠪᠦᠯ ᠬᠠᠪᠤᠷ ᠤᠨ ᠤᠯᠠᠷᠢᠯ ᠤᠨ ᠠᠭᠠᠷ ᠤᠨ ᠠᠶᠠᠯᠠᠯ ᠤᠨ ᠲᠦᠯᠦᠪᠯᠡᠭᠡ ᠪᠠᠨ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2019-10-30
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ 10 ᠰᠠᠷ᠎ᠠ ᠶᠢᠨ 27 ᠤ ᠡᠳᠦᠷ ᠠᠴᠠ 2019 ᠣᠨ ᠤ ᠡᠪᠦᠯ ᠬᠠᠪᠤᠷ ᠤᠨ ᠤᠯᠠᠷᠢᠯ ᠤᠨ ᠠᠭᠠᠷ ᠤᠨ ᠠᠶᠠᠯᠠᠯ ᠤᠨ ᠲᠦᠯᠦᠪᠯᠡᠭᠡ ᠪᠠᠨ ᠡᠬᠢᠯᠡᠵᠦ ᠬᠡᠷᠡᠭᠵᠢᠬᠦᠯᠦᠭᠰᠡᠨ ᠪᠠᠶᠢᠨ᠎ᠠ᠃      ᠤᠢᠢᠯᠠᠭᠠᠬᠰᠠᠨ ᠢᠶᠠᠷ᠂ ᠡᠪᠦᠯ ᠬᠠᠪᠤᠷ ᠤᠨ ᠤᠯᠠᠷᠢᠯ ᠤᠨ ᠠᠭᠠᠷ ᠤᠨ ᠠᠶᠠᠯᠠᠯ ᠤᠨ ᠲᠦᠯᠦᠪᠯᠡᠭᠡ ᠶᠢ ᠡᠬᠢᠯᠡᠨ ᠬᠡᠷᠡᠭᠵᠢᠭᠦᠯᠦᠭᠰᠡᠨ ᠤ ᠳᠠᠷᠠᠭ᠎ᠠ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢ ᠨᠠᠨᠲ᠋ᠦ᠋ᠩ᠂ ᠬᠤᠧᠠᠢ ᠠᠨ᠂ ᠨᠠᠨᠶᠠᠩ᠂ ᠶᠠᠨ ᠠᠨ᠂ ᠽᠦᠨ ᠢ᠂ ᠰᠢᠩ ᠢ᠂ ᠬᠠᠮᠢ᠂ ᠬᠦᠷᠡᠯ᠂ ᠰᠢᠩᠭᠠᠫᠤᠷ ᠵᠡᠷᠬᠡ ᠬᠦᠷᠬᠦ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠪᠲᠡᠷᠡᠬᠦᠯᠦᠭᠰᠡᠨ ᠪᠠᠶᠢᠨ᠎ᠠ᠃ ᠡᠨᠡ ᠵᠢᠯ ᠤᠨ ᠵᠤᠨ ᠨᠠᠮᠤᠷ ᠤᠨ ᠤᠯᠠᠷᠢᠯ ᠤᠨ ᠵᠦᠬᠡᠬᠡᠪᠦᠷᠢ ᠶᠢᠨ ᠬᠤᠭᠤᠴᠠᠭ᠎ᠠ ᠳᠤ᠂ ᠲᠤᠰ ᠨᠢᠰᠬᠡᠯ ᠤᠨ ᠪᠠᠭᠤᠳᠠᠯ ᠨᠢ ᠮᠤᠵᠢ ᠶᠢᠨ ᠲᠦᠪ ᠬᠤᠳᠠ ᠲᠠᠢ ᠪᠦᠷ ᠠᠭᠠᠷ ᠤᠨ ᠠᠶᠠᠯᠠᠯ ᠨᠡᠪᠲᠡᠷᠡᠬᠦᠯᠦᠭᠰᠡᠨ ᠪᠦᠭᠡᠳ ᠮᠤᠵᠢ ᠶᠢᠨ ᠲᠦᠪ ᠬᠤᠳᠠ ᠳᠤ ᠡᠳᠦᠷ ᠪᠦᠷᠢ ᠨᠠᠭᠠᠳᠤ ᠵᠠᠬ᠎ᠠ ᠨᠢ 1 ᠡᠬᠡᠯᠵᠢ ᠶᠢᠨ ᠨᠢᠰᠬᠡᠯ ᠨᠢᠰᠬᠦ ᠶᠢ ᠠᠩᠬ᠎ᠠ ᠤᠳᠠᠭᠠ ᠪᠡᠶᠡᠯᠡᠬᠦᠯᠵᠦ᠂ ᠲᠦᠪᠡᠳ ᠤᠨ ᠦᠪᠡᠷᠳᠡᠬᠡᠨ ᠵᠠᠰᠠᠬᠤ ᠤᠷᠤᠨ ᠠᠴᠠ ᠪᠤᠰᠤᠳ ᠮᠤᠵᠢ ᠶᠢᠨ ᠲᠦᠪ ᠬᠤᠳᠠ ᠲᠠᠢ ᠪᠦᠷ ᠰᠢᠭᠤᠳ ᠨᠢᠰᠴᠤ ᠬᠦᠷᠬᠦ ᠶᠢ ᠪᠡᠶᠡᠯᠡᠬᠦᠯᠵᠦ᠂ ᠮᠤᠵᠢ ᠶᠢᠨ ᠲᠦᠪ ᠬᠤᠳᠠ ᠳᠤ ᠨᠡᠪᠲᠡᠷᠡᠬᠦ ᠠᠶᠠᠯᠠᠯ ᠤᠨ ᠱᠤᠭᠤᠮ ᠳᠤ ᠪᠦᠷ ᠲᠤᠮᠤ ᠲᠤᠮᠳᠠ ᠬᠡᠯᠪᠡᠷᠢ ︵A319 ᠠᠴᠠ ᠲᠡᠭᠡᠭᠰᠢ︶ ᠶᠢᠨ ᠠᠶᠠᠨᠴᠢᠨ ᠤ ᠵᠦᠬᠡᠬᠡᠪᠦᠷᠢ ᠶᠢᠨ ᠨᠢᠰᠬᠡᠯ ᠲᠤᠬᠢᠷᠠᠭᠤᠯᠵᠦ ᠂ ᠪᠡᠭᠡᠵᠢᠩ᠂ ᠱᠠᠩᠬᠠᠢ᠂ ᠭᠤᠧᠠᠩᠵᠧᠤ᠂ ᠱᠧᠨ᠋ᠵᠧᠨ᠂ ᠺᠦᠨᠮᠢᠩ᠂ ᠰᠢ ᠠᠨ 6 ᠬᠤᠳᠠ ᠳᠤ ᠨᠡᠪᠲᠡᠷᠡᠬᠦ ᠠᠭᠠᠷ ᠤᠨ ᠠᠶᠠᠯᠠᠯ ᠤᠨ ᠱᠤᠭᠤᠮ ᠳᠤ ᠠᠩᠬ᠎ᠠ ᠤᠳᠠᠭ᠎ᠠ ᠦᠷᠯᠦᠬᠡ᠂ ᠦᠳᠡ᠂ ᠦᠳᠡᠰᠢ ᠭᠤᠷᠪᠠᠨ ᠡᠷᠢᠨ ᠤ ᠡᠬᠡᠯᠵᠢ ᠶᠢᠨ ᠨᠢᠰᠬᠡᠯ ᠲᠤᠬᠢᠷᠠᠭᠤᠯᠤᠬᠰᠠᠨ ᠪᠠᠶᠢᠨ᠎ᠠ᠃ ᠲᠤᠰ ᠨᠢᠰᠬᠡᠯ ᠤᠨ ᠪᠠᠭᠤᠳᠠᠯ ᠨᠢ ᠣᠷᠣᠨ ᠤ ᠲᠤᠳᠤᠷᠠᠬᠢ 15 ᠨᠢᠰᠬᠡᠯ ᠤᠨ ᠪᠠᠭᠤᠳᠠᠯ ᠲᠠᠢ ᠠᠶᠠᠯᠠᠯ ᠨᠡᠪᠲᠡᠷᠡᠵᠦ᠂ ᠣᠷᠣᠨ ᠤ ᠲᠤᠳᠤᠷᠠᠬᠢ ᠨᠢᠰᠬᠡᠯ ᠤᠨ ᠡᠬᠡᠯᠵᠢ ᠶᠢᠨ ᠲᠤᠭ᠎ᠠ ᠨᠢ ᠡᠳᠦᠷ ᠲᠤᠮᠳᠠᠴᠢ ᠪᠠᠷ 132 ᠳᠤ ᠬᠦᠷᠴᠤ᠂ ᠡᠬᠦᠨ ᠳᠤ 8 ᠨᠢᠰᠬᠡᠯ ᠤᠨ ᠪᠠᠭᠤᠳᠠᠯ ᠯᠤᠭ᠎ᠠ ᠨᠡᠪᠲᠡᠷᠡᠵᠦ ᠪᠠᠶᠢᠭ᠎ᠠ ᠠᠭᠠᠷ ᠤᠨ ᠠᠶᠠᠯᠠᠯ ᠤᠨ ᠱᠤᠭᠤᠮ ᠳᠤ ᠦᠷᠯᠦᠬᠡ᠂ ᠦᠳᠡ᠂ ᠦᠳᠡᠰᠢ ᠭᠤᠷᠪᠠᠨ ᠡᠷᠢᠨ ᠤ ᠡᠬᠡᠯᠵᠢ ᠶᠢᠨ ᠨᠢᠰᠬᠡᠯ ᠲᠤᠬᠢᠷᠠᠭᠤᠯᠵᠦ ᠂ ᠬᠦᠯᠦᠨ ᠪᠤᠶᠢᠷ ᠬᠤᠳᠠ᠂ ᠲᠦᠩᠯᠢᠶᠤᠤ ᠬᠤᠳᠠ᠂ ᠤᠯᠠᠭᠠᠨᠬᠠᠳᠠ ᠬᠤᠳᠠ ᠯᠤᠭ᠎ᠠ ᠨᠡᠪᠲᠡᠷᠡᠵᠦ ᠪᠠᠶᠢᠭ᠎ᠠ ᠡᠳᠦᠷ ᠲᠤᠮᠳᠠᠴᠢ ᠶᠢᠨ ᠨᠢᠰᠬᠡᠯ ᠤᠨ ᠡᠬᠡᠯᠵᠢ ᠶᠢᠨ ᠲᠤᠭ᠎ᠠ ᠨᠢ 11 ᠶᠢ ᠲᠠᠪᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号