ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠤᠯᠠᠨ ᠤᠯᠤᠰ ᠤᠨ ᠮᠤᠩᠭᠤᠯ ᠰᠤᠷᠪᠤᠯᠵᠢ ᠪᠢᠴᠢᠭ ᠤᠨ ᠰᠤᠳᠤᠯᠤᠯ ᠤᠨ ᠲᠦᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019-10-30
      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠬᠤᠤᠰ ᠲᠡᠷᠢᠭᠦᠨ︾ ᠤ ᠪᠦᠲᠦᠭᠡᠨ  ᠪᠠᠶᠢᠭᠤᠯᠤᠯᠲᠠ ᠶᠢ ᠠᠬᠢᠭᠤᠯᠵᠤ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠯᠢᠯᠴᠠᠭ᠎ᠠ ᠶᠢ ᠠᠬᠢᠭᠤᠯᠬᠤ ᠶᠢᠨ  ᠲᠦᠯᠦᠭᠡ᠂ 10 ᠰᠠᠷ᠎ᠠ ᠶᠢᠨ 25 ᠤ ᠡᠳᠦᠷ ︽ᠦᠪᠦᠷ  ᠮᠤᠩᠭᠤᠯ ᠤᠨ ᠪᠠᠭᠰᠢ ᠶᠢᠨ  ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠤᠯᠠᠨ ᠤᠯᠤᠰ ᠤᠨ ᠮᠤᠩᠭᠤᠯ ᠰᠤᠷᠪᠤᠯᠵᠢ ᠪᠢᠴᠢᠭ ᠤᠨ ᠰᠤᠳᠤᠯᠤᠯ ᠤᠨ ᠲᠦᠪ︾ ᠪᠠᠶᠢᠭᠤᠯᠤᠭᠳᠠᠬᠤ ᠶᠤᠰᠤᠯᠠᠯ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠤᠮᠳᠠᠳᠤ  ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠳᠬ᠎ᠠ ᠵᠤᠬᠢᠶᠠᠯ ᠤᠨ ᠤᠷᠳᠤᠨ ᠳᠤ ᠶᠠᠪᠤᠭᠳᠠᠪᠠ᠃ ᠶᠤᠰᠤᠯᠠᠯ ᠢ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠭᠤᠤᠯᠯᠠᠨ ᠡᠷᠬᠢᠯᠡᠵᠦ᠂ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠰᠤᠳᠤᠯᠬᠤ ᠭᠠᠵᠠᠷ ᠪᠠ ᠮᠤᠩᠭᠤᠯ ᠰᠤᠳᠤᠯᠤᠯ ᠤᠨ ᠤᠯᠠᠨ ᠤᠯᠤᠰ ᠤᠨ ᠰᠢᠨᠵᠢᠯᠡᠭᠡᠨ ᠤ ᠲᠦᠪ ᠳᠠᠭᠠᠭᠠᠴᠢᠯᠠᠨ ᠡᠷᠬᠢᠯᠡᠪᠡ᠃                      ᠶᠤᠰᠤᠯᠠᠯ ᠳᠡᠭᠡᠷ᠎ᠡ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ  ᠯᠠᠢ  ᠰᠢ ᠬᠢᠭᠡᠳ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠬᠦᠷᠢᠶᠡᠯᠡᠩ ᠤᠨ ᠲᠡᠦᠬᠡ   ᠠᠷᠬᠢᠯᠤᠬᠢ ᠶᠢᠨ ᠬᠦᠷᠢᠶᠡᠯᠡᠩ ᠤᠨ ᠵᠠᠬᠢᠷᠤᠯ᠂ ᠠᠺᠠᠳᠧᠮᠢᠴᠢ ᠰ᠊ · ᠴᠢᠯᠠᠭᠤᠨ ︽ᠦᠪᠦᠷ  ᠮᠤᠩᠭᠤᠯ ᠤᠨ  ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠤᠯᠠᠨ ᠤᠯᠤᠰ ᠤᠨ ᠮᠤᠩᠭᠤᠯ ᠰᠤᠷᠪᠤᠯᠵᠢ ᠪᠢᠴᠢᠭ ᠤᠨ ᠰᠤᠳᠤᠯᠤᠯ ‍ᠤᠨ‌‍ᠲ᠋ᠦ᠋ᠪ︾ ᠤᠨ ᠫᠠᠶᠢᠰᠠ ᠶᠢ ᠡᠯᠭᠦᠵᠦ᠂ ᠲᠦᠪ ᠤᠨ  ᠦᠨᠳᠦᠰᠦᠲᠡᠨ ᠤ ᠶᠡᠭᠡ ᠰᠤᠷᠭᠠᠭᠤᠯᠢ ᠶᠢᠨ  ᠮᠢᠩᠭᠠᠳ ᠡᠷᠳᠡᠮᠲᠦ ᠫᠷᠦᠹᠧᠰᠰᠦᠷ ᠲᠤ ᠲᠤᠰ ᠲᠦᠪ ᠤᠨ ᠡᠷᠬᠢᠯᠡᠭᠴᠢ ᠪᠠᠷ ᠤᠷᠢᠭᠰᠠᠨ ᠪᠢᠴᠢᠭ ᠢ ᠭᠠᠷᠳᠠᠭᠤᠯᠪᠠ᠃                      ᠲᠤᠰ ᠲᠦᠪ ᠤᠨ ᠪᠠᠶᠢᠭᠤᠯᠤᠭᠳᠠᠭᠰᠠᠨ ᠨᠢ ᠤᠳᠣᠬᠠᠨ ᠳᠤ ᠲᠤᠯᠭᠠᠮᠳᠠᠵᠦ ᠪᠦᠬᠦᠢ ᠮᠤᠩᠭᠤᠯ ᠰᠣᠷᠪᠤᠯᠵᠢ  ᠪᠢᠴᠢᠭ ᠤᠨ ᠰᠣᠳᠣᠯᠭᠠᠨ ᠤ ᠠᠯᠳᠠᠭᠳᠠᠯ ᠢ ᠨᠦᠬᠦᠪᠦᠷᠢᠯᠡᠬᠦ᠂ ᠲᠡᠯᠡᠬᠡᠢ ᠳ᠋ᠠᠬᠢᠨ ᠳᠤ ᠲᠠᠷᠬᠠᠵᠦ ᠪᠦᠬᠦᠢ ᠮᠤᠩᠭᠤᠯ  ᠰᠣᠷᠪᠤᠯᠵᠢ ᠪᠢᠴᠢᠭ ᠢ ᠡᠮᠬᠢᠳᠭᠡᠨ ᠴᠤᠭᠯᠠᠭᠤᠯᠵᠦ ᠰᠣᠳᠣᠯᠭᠠᠨ ᠤ ᠬᠡᠷᠡᠭᠯᠡᠭᠡᠨ ᠳᠤ ᠤᠷᠤᠭᠤᠯᠬᠤ᠂ ᠤᠯᠠᠨ  ᠤᠯᠤᠰ ᠤᠨ ᠮᠤᠩᠭᠤᠯ ᠰᠣᠷᠪᠤᠯᠵᠢ ᠪᠢᠴᠢᠭ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠠᠪᠤᠯᠴᠠᠭ᠎ᠠ ᠶᠢ  ᠠᠬᠢᠭᠤᠯᠬᠤ ᠵᠡᠷᠭᠡ ᠳᠤ ᠮᠠᠰᠢ ᠢᠳᠡᠪᠬᠢᠳᠠᠢ ᠦᠢᠯᠡᠳᠦᠯ ᠦᠵᠡᠬᠦᠯᠬᠦ  ᠪᠤᠯᠤᠨ᠎ᠠ᠃ ᠲᠤᠰ ᠲᠦᠪ ᠨᠢ ᠦᠪᠦᠷ  ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠩᠭᠤᠳᠠᠭ ᠰᠤᠳᠤᠯᠤᠯ ᠤᠨ ᠪᠦᠲᠦᠭᠡᠨ ᠪᠠᠶᠢᠭᠤᠯᠤᠯᠲᠠ᠂ ᠤᠯᠠᠨ ᠤᠯᠤᠰ ᠤᠨ ᠮᠤᠩᠭᠤᠯ ᠰᠤᠳᠤᠯᠤᠯ ᠤᠨ ᠰᠤᠩᠭᠤᠳᠠᠭ ᠰᠤᠳᠤᠯᠤᠯ ᠤᠨ ᠪᠦᠲᠦᠭᠡᠨ ᠪᠠᠶᠢᠭᠤᠯᠤᠯᠲᠠ ᠵᠢᠴᠢ ᠲᠤᠰ ᠰᠤᠷᠭᠠᠭᠤᠯᠢ ᠶᠢᠨ ᠵᠢᠭᠠᠨ ᠰᠤᠷᠭᠠᠯᠲᠠ ᠪᠠ ᠡᠷᠳᠡᠮ ᠰᠢᠨᠵᠢᠯᠡᠭᠡᠨ ᠳᠤ ᠦᠢᠯᠡᠴᠢᠯᠡᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠷᠤᠨ ᠤ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ ᠤ ᠳᠤᠬᠠᠢ ᠳᠤᠮᠤ ᠬᠡᠯᠪᠡᠷᠢ ᠶᠢᠨ ᠵᠢᠷᠤᠭᠲᠤ ᠨᠤᠮ ᠂ ᠰᠢᠷᠢᠰ ᠨᠤᠮ ᠬᠡᠪᠯᠡᠭᠦᠯᠬᠦ᠂ ᠮᠤᠩᠭᠤᠯ ᠰᠤᠷᠪᠤᠯᠵᠢ ᠪᠢᠴᠢᠭ ᠤᠨ ᠳ᠋ᠡᠶᠢᠲ᠋ᠡ ᠬᠦᠮᠦᠷᠭᠡ ᠪᠠᠶᠢᠭᠤᠯᠬᠤ᠂ ᠤᠯᠠᠨ ᠤᠯᠤᠰ ᠤᠨ ᠪᠠ ᠤᠯᠤᠰ ᠤᠨ ᠳᠤᠲᠤᠭᠠᠳᠤ ᠶᠢᠨ ᠡᠷᠳᠡᠮ ᠰᠢᠨᠵᠢᠯᠡᠭᠡᠨ ᠤ  ᠬᠤᠷᠠᠯ᠂  ᠦᠨᠳᠦᠷ ᠳᠦᠪᠰᠢᠨ ᠤ ᠯᠧᠺᠼᠢ ᠵᠤᠬᠢᠶᠠᠨ ᠪᠠᠶᠢᠭᠤᠯᠬᠤ ᠵᠡᠷᠭᠡ ᠠᠵᠢᠯ ᠢ ᠭᠠᠷᠳᠠᠨ ᠬᠢᠬᠦ ᠪᠠᠷ ᠪᠠᠶᠢᠭ᠎ᠠ ᠪᠢᠯᠡ᠃                      ᠶᠤᠰᠤᠯᠠᠯ ᠳᠡᠭᠡᠷ᠎ᠡ ᠪᠠᠰᠠ ᠮᠤᠩᠭᠤᠯ ᠤᠯᠤᠰ ᠤᠨ ᠰ᠊ · ᠴᠢᠯᠠᠭᠤᠨ ᠫᠷᠦᠹᠧᠰᠰᠦᠷ ᠪᠠ ᠲᠦᠪ ᠤᠨ  ᠦᠨᠳᠦᠰᠦᠲᠡᠨ ᠤ ᠶᠡᠭᠡ ᠰᠤᠷᠭᠠᠭᠤᠯᠢ ᠶᠢᠨ ᠮᠢᠩᠭᠠᠳ ᠡᠷᠳᠡᠮᠲᠦ ᠫᠷᠦᠹᠧᠰᠰᠦᠷ ᠲᠤᠰ ᠲᠤᠰ ︽ᠮᠤᠩᠭᠤᠯ ᠰᠤᠷᠪᠤᠯᠵᠢ ᠪᠢᠴᠢᠭ ᠢ ᠬᠦᠭᠵᠢᠭᠦᠯᠬᠦ ᠤᠨᠤᠯ ᠦᠵᠡᠯ ᠪᠠᠷᠢᠮᠲᠠᠯᠠᠯ ᠪᠠ ᠮᠤᠩᠭᠤᠯ ᠰᠤᠳᠤᠯᠤᠯ︾᠂ ︽ᠳᠤᠮᠳᠠᠳᠤ ᠤᠯᠤᠰ ᠲᠤ ᠬᠠᠳᠠᠭᠠᠯᠠᠭᠳᠠᠵᠤ ᠪᠠᠶᠢᠭ᠎ᠠ 18 ᠳ᠋ᠤᠭᠠᠷ ᠵᠠᠭᠤᠨ ᠤ ᠲᠤᠳᠤ ᠦᠰᠦᠭ ᠤᠨ ᠮᠤᠳᠤᠨ ᠪᠠᠷ ᠤᠨ ᠰᠤᠷᠪᠤᠯᠵᠢ ᠪᠢᠴᠢᠭ ᠤᠨ ᠳᠤᠬᠠᠢ︾ ᠭᠡᠬᠦ ᠭᠤᠤᠯ ᠰᠡᠳᠦᠪᠲᠦ ᠡᠷᠳᠡᠮ ᠰᠢᠨᠵᠢᠯᠡᠭᠡᠨ ᠤ ᠢᠯᠡᠳᠭᠡᠯ ᠬᠢᠵᠦ᠂ ᠠᠬᠤᠢ ᠲᠠᠯᠠᠪᠠᠢ ᠳᠠᠬᠢ ᠡᠷᠳᠡᠮᠲᠡᠨ ᠮᠡᠷᠭᠡᠵᠢᠯᠲᠡᠨ ᠵᠢᠴᠢ ᠪᠠᠭᠰᠢ ᠰᠤᠷᠤᠭᠴᠢᠳ ᠲᠠᠢ ᠰᠤᠯᠢᠯᠴᠠᠭ᠎ᠠ ᠬᠢᠭᠰᠡᠨ ᠪᠠᠶᠢᠨ᠎ᠠ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号