︵ᠰᠤᠷᠪᠤᠯᠵᠢᠯᠠᠭᠴᠢ ᠰᠦᠩ ᠰᠢᠶᠠᠩ ᠬᠤᠸᠠ ᠳᠠᠳᠤᠯᠭ᠎ᠠ ᠶᠢᠨ ᠰᠤᠷᠤᠭᠴᠢ ᠯᠢᠶᠠᠩ ᠵᠢᠩ ᠶᠤᠸᠠᠨ︶ | ︽ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ | ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ︵2010 — 2020 ᠣᠨ︶︾ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠡᠳᠬᠦᠨ ᠲᠤᠰᠠᠯᠠᠬᠤ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠨ ᠬᠥᠮᠦᠵᠢᠯ ᠤᠨ ᠲᠦᠭᠡᠮᠡᠯᠵᠢᠬᠦ ᠶᠢ ᠲᠦᠷᠭᠡᠳᠬᠡᠵᠦ᠂ ᠭᠡᠷ ᠤᠨ ᠠᠮᠢᠳᠤᠷᠠᠯ ᠨᠢ ᠬᠦᠴᠢᠷᠳᠡᠯᠲᠡᠶ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠠᠵᠢᠯ ᠣᠯᠬᠤ ᠠᠰᠠᠭᠤᠳᠠᠯ ᠢ ᠦᠨᠡᠨ ᠬᠦ | ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠷ᠎ᠠ ᠳᠤ 2019 | ᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ | ᠪᠡᠯᠡ ᠮᠥᠩᠭᠦ 6619 ᠲᠦᠮᠡᠨ ᠲᠥᠭᠦᠷᠢᠭ ᠪᠠᠭᠤᠯᠭᠠᠪᠠ᠃ | ᠡᠨᠡ ᠤᠳᠠᠭ᠎ᠠ ᠪᠠᠭᠤᠯᠭᠠᠭᠰᠠᠨ ᠳᠡᠭᠡᠳᠦ ᠳᠤᠮᠳᠠᠳᠤ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠡᠯᠡ | ᠮᠥᠩᠭᠦ ᠳᠤ᠂ ᠲᠥᠪ ᠤᠨ ᠪᠡᠯᠡ ᠮᠥᠩᠭᠦ 270 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ | ᠮᠥᠩᠭᠦ 2417 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠬᠤᠣᠰ ᠬᠡᠯᠡ ᠪᠠᠷ ᠬᠢᠴᠢᠶᠡᠯᠯᠡᠬᠦ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠡᠯᠡ ᠮᠥᠩᠭᠦ 118 ᠲᠦᠮᠡᠨ ᠲᠥᠭᠦᠷᠢᠭ᠂ ᠬᠤᠲᠠ ᠶᠢᠨ ᠲᠡᠰ ᠤᠨ | ᠪᠡᠯᠡ ᠮᠥᠩᠭᠦ 3814 ᠲᠦᠮᠡᠨ ᠲᠥᠭᠦᠷᠢᠭ ᠪᠠᠭᠲᠠᠨ᠎ᠠ︔ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠵᠦ ᠲᠡᠳᠬᠦᠨ | ᠲᠤᠰᠠᠯᠠᠬᠤ ᠪᠠᠷᠢᠮᠵᠢᠶ᠎ᠠ ᠨᠢ ᠰᠤᠷᠤᠭᠴᠢ ᠪᠦᠷᠢ ᠵᠢᠯ ᠳᠤ 2000 ᠲᠥᠭᠦᠷᠢᠭ ᠪᠣᠯᠤᠨ᠎ᠠ᠃ | ᠣᠳᠣᠬᠠᠨ ᠳᠤ᠂ 2019 ᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠡᠯᠡ ᠮᠥᠩᠭᠦ ᠶᠢ ᠨᠢᠭᠡᠨᠲᠡ ᠪᠦᠬᠦᠨ ᠢ ᠪᠠᠭᠤᠯᠭᠠᠪᠠ᠃ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠭᠠᠵᠠᠷ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠦ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︽ᠰᠤᠷᠭᠠᠨ ᠬᠥᠮᠦᠵᠢᠯ ᠢᠶᠠᠷ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠠᠷᠪᠠᠨ ᠭᠤᠷᠪᠠᠳᠤᠭᠠᠷ ᠲᠠᠪᠤᠨ ᠵᠢᠯ﹀ ᠤᠨ | ᠲᠥᠯᠥᠪᠵᠢᠭᠦᠯᠭᠡ︾ ᠵᠡᠷᠭᠡ ᠶᠢᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠡᠭᠦᠷᠭᠡᠯᠡᠪᠡᠰᠦ ᠵᠣᠬᠢᠬᠤ ᠪᠡᠯᠡ | ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠪᠠᠲᠤᠯᠠᠵᠤ᠂ ᠳᠠᠩᠰᠠᠯᠠᠵᠤ | ᠺᠠᠷᠲᠯᠠᠭᠰᠠᠨ ᠵᠡᠷᠭᠡ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠲᠤ ᠡᠩ ᠲᠡᠷᠢᠭᠦᠨ ᠳᠤ ᠲᠤᠰᠠᠯᠠᠮᠵᠢ | ᠣᠯᠭᠤᠬᠤ ᠬᠡᠷᠡᠭᠲᠡᠶ ᠭᠡᠵᠦ ᠱᠠᠭᠠᠷᠳᠠᠪᠠ᠃ |