ᠲᠤᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠠᠵᠢᠯᠲᠠᠨ ᠤ ᠨᠢᠭᠤᠴᠠ ᠶᠢ ᠬᠠᠮᠠᠭᠠᠯᠠᠬᠤ ᠠᠵᠢᠯ ᠤᠨ | ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠤᠴᠠ ᠳᠤ ᠬᠤᠯᠪᠣᠭᠳᠠᠬᠤ | ᠬᠥᠮᠦᠰ ᠤᠨ ᠨᠢᠭᠤᠴᠠ ᠶᠢ ᠬᠠᠮᠠᠭᠠᠯᠠᠬᠤ ᠤᠬᠠᠮᠰᠠᠷ ᠵᠢᠴᠢ ᠨᠢᠭᠤᠴᠠ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ︽ᠨᠢᠭᠤᠴᠠ ᠶᠢ ᠬᠠᠮᠠᠭᠠᠯᠠᠬᠤ ᠬᠠᠤᠯᠢ ᠳᠦᠷᠢᠮ ᠤᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ | ᠠᠯᠪᠠᠨ ᠭᠡᠷ ᠠᠷᠪᠠᠳᠤᠭᠠᠷ ᠰᠠᠷ᠎ᠠ ᠳᠤ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ | ᠥᠷᠨᠢᠭᠦᠯᠪᠡ᠃ | ᠤᠬᠠᠭᠤᠯᠭ᠎ᠠ ᠶᠢᠨ ᠰᠠᠷ᠎ᠠ ᠳᠤ ᠨᠢᠭᠤᠴᠠ ᠶᠢ ᠬᠠᠮᠠᠭᠠᠯᠠᠬᠤ ᠳᠦᠷᠢᠮ ᠢ ᠰᠤᠷᠤᠯᠴᠠᠬᠤ᠂ ᠨᠢᠭᠤᠴᠠ ᠶᠢ | ᠬᠠᠮᠠᠭᠠᠯᠠᠬᠤ ᠰᠡᠷᠡᠮᠵᠢ ᠶᠢᠨ ᠬᠥᠮᠦᠵᠢᠯ ︽ᠨᠢᠭᠤᠴᠠ ᠶᠢ ᠬᠤᠯᠠᠭᠠᠶᠢᠯᠠᠵᠤ ᠨᠢᠭᠤᠴᠠ ᠶᠢ ᠵᠠᠳᠠᠷᠠᠭᠤᠯᠤᠭᠰᠠᠨ ᠬᠡᠷᠡᠭ ᠤᠨ | ᠰᠡᠷᠡᠮᠵᠢ ᠶᠢᠨ ᠲᠡᠮᠳᠡᠭᠯᠡᠯ︾ ᠢ ᠦᠵᠡᠬᠦ᠂ ᠣᠯᠠᠨ ᠨᠡᠶᠢᠲᠡ ᠶᠢᠨ ᠲᠠᠪᠴᠠᠩ ᠳᠤ ︽ᠨᠢᠭᠤᠴᠠ ᠶᠢ ᠬᠠᠮᠠᠭᠠᠯᠠᠬᠤ ᠬᠠᠤᠯᠢ | ︾ ︽ᠨᠢᠭᠤᠴᠠ ᠶᠢ ᠬᠠᠮᠠᠭᠠᠯᠠᠬᠤ ᠬᠡᠷᠡᠭᠵᠢᠭᠦᠯᠬᠦ ᠳᠦᠷᠢᠮ︾ ᠤᠨ ᠠᠭᠤᠯᠭ᠎ᠠ ᠶᠢ ᠵᠠᠯᠭᠠᠭ᠎ᠠ ᠪᠠᠷ ᠨᠡᠶᠢᠲᠡᠯᠡᠬᠦ ᠵᠡᠷᠭᠡ | ᠠᠷᠭ᠎ᠠ ᠬᠡᠯᠪᠡᠷᠢ ᠪᠠᠷ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠢᠭᠤᠴᠠ ᠶᠢ | ᠬᠠᠮᠠᠭᠠᠯᠠᠬᠤ ᠬᠥᠮᠦᠵᠢᠯ ᠢ ᠲᠠᠷᠢᠬᠢᠨ ᠳᠠᠭᠠᠨ ᠣᠷᠣᠭᠤᠯᠵᠤ᠂ ᠰᠡᠳᠬᠢᠯ ᠳᠡᠭᠡᠨ ᠣᠷᠣᠭᠤᠯᠵᠤ᠂ ᠠᠵᠢᠯᠯᠠᠭ᠎ᠠ ᠳᠠᠭᠠᠨ | ᠣᠷᠣᠭᠤᠯᠵᠤ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠪᠠᠷ ᠴᠤᠤᠷᠢᠶᠠᠲᠤᠭᠤᠯᠵᠤ᠂ ᠦᠢᠯᠡ ᠠᠵᠢᠯᠯᠠᠭ᠎ᠠ ᠶᠢᠨ | ᠲᠠᠯ᠎ᠠ ᠪᠠᠷ ᠵᠡᠷᠭᠡᠪᠡᠷ ᠬᠢᠬᠦ ᠬᠡᠷᠡᠭᠲᠡᠶ᠃ ᠨᠡᠶᠢᠲᠡᠯᠢᠭ ᠰᠡᠷᠡᠮᠵᠢᠯᠡᠭᠦᠯᠬᠦ ᠬᠡᠷᠡᠭ ᠤᠨ ᠵᠢᠱᠢᠶ᠎ᠡ᠂ ᠭᠦᠨᠵᠡᠭᠡᠶ ᠰᠤᠷᠭᠠᠮᠵᠢ ᠨᠢ | ᠨᠠᠮ ᠤᠨ ᠭᠡᠰᠢᠭᠦᠨ ᠺᠠᠳ᠋ᠷᠴᠤᠳ ᠲᠤ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠢ ᠣᠶᠢᠯᠠᠭᠠᠭᠤᠯᠵᠤ᠂ | ᠮᠥᠨ ᠴᠦ ᠠᠳᠠᠯᠢᠬᠠᠨ ᠠᠯᠳᠠᠭ᠎ᠠ ᠭᠠᠷᠭᠠᠬᠤ ᠠᠴᠠ ᠵᠠᠶᠢᠯᠠᠰᠭᠢᠭᠰᠠᠨ ᠪᠠᠶᠢᠨ᠎ᠠ᠃ | | | | | | ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠭᠦᠨ ᠭᠦᠨᠵᠡᠭᠡᠶ | ᠥᠷᠨᠢᠭᠦᠯᠬᠦ ᠨᠢ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ᠂ | ᠨᠢᠭᠤᠴᠠ ᠶᠢ ᠬᠠᠮᠠᠭᠠᠯᠠᠬᠤ ᠠᠵᠢᠯ ᠤᠨ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠮᠦᠨ ᠪᠦᠬᠦᠨ | ᠨᠢᠭᠤᠴᠠ ᠶᠢ ᠬᠠᠮᠠᠭᠠᠯᠠᠬᠤ᠂ ᠴᠠᠭ ᠢᠮᠠᠭᠲᠠ ᠨᠢᠭᠤᠴᠠ ᠶᠢ ᠬᠠᠮᠠᠭᠠᠯᠠᠬᠤ᠂ ᠭᠠᠵᠠᠷ ᠪᠣᠯᠭᠠᠨ ᠳᠤ ᠨᠢᠭᠤᠴᠠ ᠶᠢ | ᠬᠠᠮᠠᠭᠠᠯᠠᠬᠤ ᠰᠠᠶᠢᠨ ᠰᠠᠶᠢᠬᠠᠨ ᠤᠬᠠᠮᠰᠠᠷ ᠢ ᠪᠤᠢ ᠪᠣᠯᠭᠠᠬᠤ ᠶᠢᠨ ᠲᠥᠯᠥᠭᠡ ᠶᠤᠮ᠃ ᠨᠠᠮ ᠪᠠ ᠣᠯᠣᠰ ᠤᠨ | ᠨᠢᠭᠤᠴᠠ ᠶᠢᠨ ᠬᠠᠷᠢᠴᠠᠯᠠᠰᠢ ᠦᠭᠡᠢ ᠠᠮᠤᠷ ᠲᠦᠪᠰᠢᠨ ᠢ ᠬᠠᠮᠠᠭᠠᠯᠠᠬᠤ ᠳᠤ ᠪᠢᠳᠡ ᠨᠢᠭᠤᠴᠠ ᠶᠢ ᠬᠠᠮᠠᠭᠠᠯᠠᠬᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠵᠤ᠂ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠠᠤᠯᠢ ᠶᠣᠰᠣᠭᠠᠷ | ᠵᠢᠷᠤᠮᠵᠢᠭᠤᠯᠬᠤ ᠴᠢᠬᠤᠯᠠᠲᠠᠶ ᠶᠤᠮ᠃ |