ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2019 ᠣᠨ ᠤ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠭᠡᠷ ᠢ  ᠵᠠᠰᠠᠵᠤ ᠥᠭᠡᠷᠡᠴᠢᠯᠡᠬᠦ ᠲᠤᠰᠬᠠᠶ ᠪᠠᠯᠠ ᠮᠥᠩᠭᠦ 2343 ᠲᠦᠮᠡᠨ ᠲᠥᠭᠦᠷᠢᠭ  ᠢ ᠰᠠᠯᠭᠠᠨ ᠥᠭᠪᠡ
ᠨᠡᠶᠢᠲᠡᠯᠡᠭᠰᠡᠨ ᠴᠠᠭ᠄
2019-10-31
     ︵ᠰᠤᠷᠪᠤᠯᠵᠢᠯᠠᠭᠴᠢ ᠰᠦᠩ ᠰᠢᠶᠠᠩ ᠬᠤᠸᠠ︶ ᠲᠦᠷᠦᠭᠦᠬᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2019 ᠣᠨ ᠤ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠭᠡᠷ ᠢ ᠵᠠᠰᠠᠵᠤ ᠥᠭᠡᠷᠡᠴᠢᠯᠡᠬᠦ ᠲᠤᠰᠬᠠᠶ ᠪᠠᠯᠠ ᠮᠥᠩᠭᠦ ᠨᠡᠶᠢᠲᠡ 2343 ᠲᠦᠮᠡᠨ ᠲᠥᠭᠦᠷᠢᠭ  ᠢ ᠰᠠᠯᠭᠠᠨ ᠥᠭᠪᠡ᠂ ᠡᠭᠦᠨ ᠳᠤ ᠲᠥᠪ ᠤᠨ ᠪᠠᠯᠠ ᠮᠥᠩᠭᠦ 1202 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ 1141 ᠲᠦᠮᠡᠨ ᠲᠥᠭᠦᠷᠢᠭ ᠪᠠᠶᠢᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠳᠦᠷ ᠲᠤᠲᠤᠮ ᠤᠨ ᠵᠠᠰᠠᠵᠤ ᠥᠭᠡᠷᠡᠴᠢᠯᠡᠬᠦ ᠪᠠ ᠭᠠᠵᠠᠷ ᠬᠥᠳᠡᠯᠦᠯᠲᠡ ᠶᠢ ᠳᠠᠭᠠᠭᠠᠵᠤ ᠪᠠᠬᠢᠵᠢᠭᠦᠯᠬᠦ ᠳᠤ ᠲᠤᠰᠬᠠᠶ ᠬᠡᠷᠡᠭᠯᠡᠨ᠎ᠡ᠃      ᠡᠨᠡ ᠬᠤᠭᠤᠴᠠᠭᠠᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠪᠡᠯᠡ ᠮᠥᠩᠭᠦ ᠰᠠᠯᠭᠠᠨ ᠥᠭᠬᠦ ᠪᠠ ᠪᠡᠯᠡ ᠮᠥᠩᠭᠦ ᠶᠢ ᠬᠡᠷᠡᠭᠯᠡᠬᠦ ᠲᠤᠬᠠᠶ ᠭᠤᠷᠪᠠᠨ ᠱᠠᠭᠠᠷᠳᠠᠯᠭ᠎ᠠ ᠳᠤᠷᠠᠳᠴᠠᠶ᠃ ᠨᠢᠭᠡ ᠳᠤ᠂ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ 2019 ᠣᠨ ᠤ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠥᠷᠢ ᠵᠠᠷᠤᠳᠠᠯ ᠤᠨ ᠠᠮᠵᠢᠯᠲᠠ ᠪᠦᠲᠦᠮᠵᠢ ᠶᠢᠨ ᠬᠠᠷᠠᠯᠲᠠ ᠪᠠᠷ ᠯᠠᠪᠯᠠᠯᠲᠠ ᠪᠣᠯᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠶᠢᠨ ᠲᠤᠭ᠎ᠠ ᠬᠡᠮᠵᠢᠶ᠎ᠡ ᠲᠠᠢ ᠤᠶᠠᠯᠳᠤᠭᠤᠯᠤᠨ᠂ ᠲᠤᠰ ᠭᠠᠵᠠᠷ ᠣᠷᠣᠨ ᠤ ᠠᠮᠵᠢᠯᠲᠠ ᠪᠦᠲᠦᠮᠵᠢ ᠶᠢᠨ ᠬᠠᠷᠠᠯᠲᠠ ᠳᠠᠭᠠᠨ ᠲᠣᠬᠢᠷᠠᠭᠤᠯᠤᠯᠲᠠ ᠬᠢᠵᠦ᠂ ᠬᠠᠮᠢᠶ᠎ᠠ ᠪᠦᠬᠦᠢ ᠲᠥᠰᠦᠪ ᠤᠨ ᠪᠢᠴᠢᠭ ᠮᠠᠲ᠋ᠧᠷᠢᠶᠠᠯ ᠢ ᠬᠦᠯᠢᠶᠡᠨ ᠠᠪᠤᠭᠰᠠᠨ 30 ᠡᠳᠦᠷ ᠤᠨ ᠳᠣᠲᠣᠷ᠎ᠠ ᠠᠮᠵᠢᠯᠲᠠ ᠪᠦᠲᠦᠮᠵᠢ ᠶᠢᠨ ᠬᠠᠷᠠᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠪᠠᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠤᠶᠠᠷ ᠲᠤ᠂ ᠳᠠᠩᠰᠠᠯᠠᠭᠤᠯᠤᠭᠰᠠᠨ ᠤ ᠳᠠᠷᠠᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ ᠪᠠᠷ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠶᠢ ᠦᠨᠡᠯᠡᠬᠦ ᠦᠨᠳᠦᠰᠦᠯᠡᠯ ᠪᠣᠯᠭᠠᠵᠤ᠂ ᠲᠥᠰᠦᠪ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠ ᠣᠷᠣᠨ ᠪᠦᠰᠡ ᠶᠢᠨ ᠠᠮᠵᠢᠯᠲᠠ ᠪᠦᠲᠦᠮᠵᠢ ᠶᠢᠨ ᠬᠠᠷᠠᠯᠲᠠ ᠲᠠᠢ ᠬᠠᠷᠢᠴᠠᠭᠤᠯᠤᠨ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠦᠨᠡᠯᠡᠬᠦ ᠠᠵᠢᠯ ᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠡᠯᠡ ᠮᠥᠩᠭᠦ ᠶᠢᠨ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ᠂ ᠬᠤᠳᠠᠯ ᠢᠶᠠᠷ ᠵᠢᠭᠰᠠᠭᠠᠭᠰᠠᠨ᠂ ᠮᠡᠬᠡᠯᠡᠨ ᠠᠪᠤᠭᠰᠠᠨ ᠵᠡᠷᠭᠡ ᠦᠢᠯᠡ ᠠᠵᠢᠯᠯᠠᠭ᠎ᠠ ᠳᠤ ︽ᠲᠥᠰᠦᠪ ᠤᠨ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号