ᠬᠠᠷ᠎ᠠ ᠤᠰᠤ ᠶᠢᠨ ᠬᠤᠵᠢᠷᠯᠢᠭ ᠭᠠᠵᠠᠷ ᠤᠨ ᠤᠰᠤᠨ ᠲᠤᠲᠤᠷᠭ᠎ᠠ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2019-10-31
     ᠣᠷᠴᠢᠮᠬᠠᠨ᠂ ᠲᠠᠷᠢᠶ᠎ᠠ ᠬᠠᠳᠤᠬᠤ ᠮᠠᠰᠢᠨ ᠲᠠᠷᠢᠶᠠᠨ ᠭᠠᠵᠠᠷ ᠲᠤ ᠨᠠᠰᠢ ᠴᠠᠰᠢ ᠶᠠᠪᠤᠵᠤ ᠲᠠᠷᠢᠶ᠎ᠠ ᠬᠠᠳᠤᠵᠤ᠂ ᠮᠥᠯᠢᠨ ᠰᠠᠪᠠᠯᠠᠵᠤ᠂ ᠡᠯᠪᠡᠭ ᠬᠤᠷᠢᠶᠠᠯᠲᠠ ᠣᠯᠣᠭᠰᠠᠨ ᠢ ᠶᠠᠭᠠᠬᠢᠬᠤ ᠶᠢᠨ ᠠᠷᠭ᠎ᠠ ᠦᠭᠡᠢ ᠬᠠᠷᠠᠭᠤᠯᠵᠤ ᠪᠠᠶᠢᠯ᠎ᠠ᠃ ᠲᠦᠮᠡᠳ ᠵᠡᠭᠦᠨ ᠬᠤᠰᠢᠭᠤᠨ ᠤ ᠠᠯᠲᠠᠨ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠭᠠᠵᠠᠷ ᠰᠢᠷᠣᠢ ᠶᠢ ᠰᠢᠯᠵᠢᠭᠦᠯᠦᠨ ᠬᠡᠷᠡᠭᠯᠡᠬᠦ᠂ ᠭᠠᠵᠠᠷ ᠰᠢᠷᠣᠢ ᠶᠢ ᠲᠡᠭᠰᠢᠯᠡᠨ ᠠᠰᠢᠭᠯᠠᠬᠤ ᠪᠠ ᠤᠰᠤᠨ ᠠᠰᠢᠭᠯᠠᠯᠲᠠ ᠶᠢᠨ ᠪᠡᠯᠡᠳᠬᠡᠮᠵᠢ ᠪᠠᠶᠢᠭᠤᠯᠬᠤ ᠪᠠᠷ ᠳᠠᠮᠵᠢᠨ ᠬᠠᠷ᠎ᠠ ᠤᠰᠤ ᠶᠢᠨ ᠬᠤᠵᠢᠷᠯᠢᠭ ᠭᠠᠵᠠᠷ 450 ᠭᠠᠷᠤᠢ ᠮᠦ ᠬᠤᠵᠢᠷ ᠲᠤ ᠲᠡᠰᠪᠦᠷᠢᠲᠡᠢ ᠤᠰᠤᠨ ᠲᠤᠲᠤᠷᠭ᠎ᠠ ᠲᠤᠷᠰᠢᠨ ᠲᠠᠷᠢᠵᠤ᠂ ᠮᠦ ᠪᠦᠷᠢ ᠶᠢᠨ ᠤᠨᠠᠯᠲᠠ ᠮᠢᠩᠭᠠᠨ ᠵᠢᠩ ᠳᠤ ᠬᠦᠷᠪᠡ᠃ ᠰᠤᠷᠪᠤᠯᠵᠢᠯᠠᠭᠴᠢ ᠶᠦᠨ ᠵᠢᠩ  ᠴᠢᠮᠡᠭᠡᠯᠡᠭᠴᠢ  ᠶᠠᠩ ᠰᠢᠨ   ᠵᠣ᠋ ᠱᠧᠩ ᠸᠧᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号