| | | | | 10 ᠳ᠋ᠤᠭᠠᠷ ᠰᠠᠷ᠎ᠠ ᠶᠢᠨ 2 ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠤᠭᠤᠷᠢᠭ ᠤᠨ ᠳᠠᠷᠤᠭ᠎ᠠ ᠹᠠᠨ ᡁᠢ ᠵᠦᠩ ᠪᠤᠷᠤᠬᠤᠰᠢᠭᠤ | ᠪᠠᠯᠭᠠᠰᠤ᠂ ᠬᠡᠰᠡᠭ ᠵᠡᠭᠡᠯᠢ ᠭᠤᠳᠤᠮᠵᠢ ᠪᠠᠷ ᠭᠦᠨᠵᠡᠭᠡᠶᠢᠷᠡᠵᠦ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠭᠠᠵᠠᠷ ᠤᠨ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ | ᠹᠠᠨ ᡁᠢ ᠵᠥᠩ ᠵᠡᠷᠭᠡ ᠬᠥᠮᠦᠰ ᠤᠷᠢᠳ ᠬᠤᠵᠢᠳ ᠵᠦᠩ ᠱᠠᠨ ᠵᠡᠭᠦᠨ ᠵᠠᠮ ᠤᠨ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠵᠡᠭᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠢᠩ ᠰᠢᠨ᠎ᠡ ᠵᠠᠮ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠪᠤᠷᠤᠬᠤᠰᠢᠭᠤ ᠪᠠᠯᠭᠠᠰᠤ ᠳᠤ ᠬᠦᠷᠴᠦ᠂ ᠡᠯ᠎ᠡ ᠭᠠᠵᠠᠷ ᠣᠷᠣᠨ ᠤ | ᠬᠠᠤᠯᠢ ᠴᠠᠭᠠᠵᠠ ᠶᠢᠨ ᠭᠠᠵᠠᠷ ᠤᠨ ᠠᠵᠢᠯ ᠥᠷᠨᠢᠭᠦᠯᠦᠭᠰᠡᠨ ᠪᠠᠶᠢᠳᠠᠯ ᠢ ᠣᠶᠢᠯᠭᠠᠨ᠂ ᠬᠠᠤᠯᠢ ᠴᠠᠭᠠᠵᠠ ᠶᠢᠨ | ᠭᠠᠵᠠᠷ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ᠂ ᠴᠢᠳᠠᠮᠵᠢ ᠶᠢᠨ ᠲᠠᠰᠤᠭ ᠤᠨ ᠢᠵᠢ ᠪᠦᠷᠢᠳᠦᠭᠰᠡᠨ᠂ | ᠠᠵᠢᠯᠲᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ | | | | | | ᠹᠠᠨ ᡁᠢ ᠵᠥᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠦᠨᠳᠦᠰᠦᠨ ᠱᠠᠲᠤᠨ ᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ | ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ᠂ ᠲᠥᠬᠦᠭᠡᠷᠦᠮᠵᠢ ᠪᠠ | ᠴᠢᠳᠠᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠭᠠᠵᠠᠷ ᠤᠨ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠰᠠᠶᠢᠲᠤᠷ | ᠪᠠᠳᠠᠷᠠᠭᠤᠯᠵᠤ᠂ ᠰᠠᠭᠤᠭᠠᠯᠢ ᠠᠷᠠᠳ ᠲᠤ ᠨᠠᠩ ᠰᠠᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ | ᠭᠡᠪᠡ᠃ | ᠰᠢᠨ᠎ᠡ ᠬᠤᠲᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠤᠪᠴᠢᠶ᠎ᠠ ᠶᠢᠨ ᠳᠠᠷᠤᠭ᠎ᠠ ᠶᠠᠩ ᠬᠤᠢ ᠶᠦᠨ᠂ ᠲᠤᠭᠤᠷᠢᠭ ᠤᠨ ᠵᠠᠰᠠᠭ ᠤᠨ ᠤᠷᠳᠤᠨ ᠤ ᠳᠡᠳ᠋ | ᠭᠠᠵᠠᠷ ᠤᠨ ᠳᠡᠰ ᠤᠨ ᠳᠠᠷᠤᠭ᠎ᠠ ᠯᠢ ᠵᠢᠶᠠᠨ ᠫᠢᠩ᠂ ᠬᠠᠮᠢᠶ᠎ᠠ ᠪᠦᠬᠦᠢ ᠭᠠᠵᠠᠷ ᠣᠷᠣᠨ᠂ ᠨᠢᠭᠡᠴᠡ ᠶᠢᠨ | ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | |