ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠩᠴᠡᠭᠰᠡᠨ ᠨᠣᠷᠮ᠎ᠠ 5 ᠵᠢᠯ ᠲᠠᠷᠠᠭᠠᠯᠠᠨ 96% ᠠᠴᠠ ᠲᠡᠭᠡᠭᠰᠢ ᠪᠣᠯᠪᠠ
ᠨᠡᠶᠢᠲᠡᠯᠡᠭᠰᠡᠨ ᠴᠠᠭ᠄
2019-10-09
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠰᠤᠷᠪᠤᠯᠵᠢᠯᠠᠭᠴᠢ ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠭᠢᠮ ᠠᠴᠠ ᠣᠶᠢᠯᠭᠠᠭᠰᠠᠨ ᠢᠶᠠᠷ᠂ ᠮᠠᠨ ᠤ ᠤᠷᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠪᠠᠷᠢᠮᠳᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ᠂ ᠶᠠᠰᠤ ᠴᠢᠨᠠᠷ ᠢᠶᠠᠷ ᠬᠦᠳᠦᠯᠦᠨ ᠲᠠᠭᠠᠭᠤᠯᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠡᠬᠢ ᠡᠭᠦᠰᠦᠯ ᠤᠨ ᠪᠣᠭᠤᠮᠲᠠ ᠶᠢ ᠴᠢᠩᠭ᠎ᠠ ᠠᠳᠬᠤᠭᠰᠠᠨ ᠢᠶᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ᠂ ᠭᠤᠤᠯ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠬᠢᠷᠢ ᠲᠡᠩᠴᠡᠭᠰᠡᠨ ᠨᠣᠷᠮ᠎ᠠ 5 ᠵᠢᠯ ᠲᠠᠷᠠᠭᠠᠯᠠᠨ 96% ᠠᠴᠠ ᠳᠡᠭᠡᠭᠰᠢ ᠪᠠᠶᠢᠬᠤ ᠶᠢ ᠪᠠᠲᠤᠯᠠᠵᠠᠢ᠃      ᠣᠶᠢᠷ᠎ᠠ ᠶᠢᠨ ᠵᠢᠯ ᠳᠤ᠂ ᠮᠠᠨ ᠤ ᠤᠷᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠨᠠᠨ ᠬᠠᠮᠢᠶᠠᠷᠤᠯᠳᠠ ᠶᠢᠨ ᠦᠢᠯᠡᠴᠢᠯᠡᠭᠡᠨ ᠤ ᠰᠢᠰᠲ᠋ᠧᠮ ᠢ ᠢᠳᠡᠭ ᠢᠳᠡᠭ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠣᠷᠣᠨ ᠤ 12 ᠠᠶᠢᠮᠠᠭ ᠬᠤᠳᠠ᠂ ᠮᠠᠯ ᠠᠵᠤ ᠠᠬᠤᠢ ᠲᠠᠷᠢᠶᠠᠯᠠᠩ ᠳᠤ ᠬᠤᠯᠪᠤᠭᠳᠠᠭᠰᠠᠨ ᠬᠤᠰᠢᠭᠤ ᠰᠢᠶᠠᠨ ᠪᠦᠬᠦᠨ ᠢᠶᠠᠷ ᠢᠶᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠪᠠᠶᠢᠭᠤᠯᠤᠮᠵᠢ ᠪᠠᠶᠢᠭᠤᠯᠵᠤ᠂ ᠪᠦᠬᠦ ᠣᠷᠣᠨ ᠤ 784 ᠰᠤᠮᠤ ᠰᠢᠶᠠᠩ ᠪᠠᠯᠭᠠᠰᠤ ᠦᠨᠳᠦᠰᠦᠨ ᠱᠠᠲᠤᠨ ᠤ ᠬᠢᠨᠠᠯᠳᠠ ᠬᠠᠮᠢᠶᠠᠷᠬᠤ ᠦᠷᠳᠡᠭᠡ ᠪᠠᠶᠢᠭᠤᠯᠵᠤ᠂ ᠪᠦᠬᠦ ᠣᠷᠣᠨ ᠤ ᠲᠤᠰᠬᠠᠢ ᠲᠤᠰᠢᠶᠠᠯᠳᠤ ᠪᠠ ᠲᠤᠰᠢᠶᠠᠯ ᠬᠠᠪᠰᠤᠷᠭᠠᠭᠰᠠᠨ ᠬᠢᠨᠠᠨ ᠬᠠᠮᠢᠶᠠᠷᠬᠤ ᠠᠵᠢᠯᠳᠠᠨ 3300 ᠭᠠᠷᠤᠢ ᠪᠤᠯᠪᠠ᠃ ᠪᠦᠬᠦ ᠣᠷᠣᠨ ᠤ 12 ᠠᠶᠢᠮᠠᠭ ᠬᠤᠳᠠ ᠪᠠ ᠮᠠᠯ ᠠᠵᠤ ᠠᠬᠤᠢ ᠲᠠᠷᠢᠶᠠᠯᠠᠩ ᠲᠠᠢ ᠬᠤᠯᠪᠤᠭᠳᠠᠭᠰᠠᠨ ᠬᠤᠰᠢᠭᠤ ᠰᠢᠶᠠᠨ ᠪᠦᠬᠦᠨ ᠢᠶᠠᠷ ᠢᠶᠠᠨ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠠᠶᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠨᠢ ᠲᠠᠰᠤᠷᠠᠯᠲᠠ ᠦᠭᠡᠢ ᠳᠡᠭᠡᠭᠰᠢᠯᠡᠪᠡ᠃      ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠦᠷᠭᠦᠯᠵᠢᠯᠡᠨ ᠠᠬᠢᠭᠤᠯᠵᠤ᠂ ᠭᠠᠷᠤᠯᠳᠠ ᠶᠢᠨ ᠤᠷᠤᠨ ᠤ ᠤᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠶᠢ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠠᠪᠤᠴᠠ ᠶᠢ ᠬᠠᠮᠢᠶᠠᠷᠤᠨ ᠡᠵᠡᠮᠳᠡᠬᠦ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠦᠬᠦ᠋ᠢᠯᠡ ᠴᠤᠭᠴᠠ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠡᠢ᠃ ᠣᠶᠢᠷ᠎ᠠ ᠶᠢᠨ 5 ᠵᠢᠯ ᠳᠤ᠂ ᠪᠦᠬᠦ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ 23 ᠲᠦᠮᠡᠨ ᠬᠦᠮᠦᠨ ᠤᠳᠠᠭ᠎ᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠠᠵᠢᠯᠳᠠᠨ ᠲᠤᠮᠢᠯᠠᠵᠤ᠂ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠡᠯ᠎ᠡ ᠲᠦᠷᠦᠯ ᠤᠨ ᠬᠡᠷᠡᠭ ᠢ 4700 ᠭᠠᠷᠤᠢ ᠶᠢ ᠪᠠᠶᠢᠴᠠᠭᠠᠨ ᠰᠢᠢᠳᠪᠦᠷᠢᠯᠡᠵᠦ᠂ 3100 ᠭᠠᠷᠤᠢ ᠲᠦᠮᠡᠨ ᠲᠦᠭᠦᠷᠢᠭ ᠤᠨ ᠠᠵᠤ ᠠᠬᠤᠢ ᠶᠢᠨ ᠬᠤᠬᠢᠷᠠᠯ ᠠᠴᠠ ᠵᠠᠶᠢᠯᠠᠭᠤᠯᠵᠠᠢ᠃ ᠪᠦᠬᠦ ᠣᠷᠣᠨ ᠤ ᠡᠯ᠎ᠡ ᠭᠠᠵᠠᠷ ᠤᠨ ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠴᠤ ᠮᠦᠷᠳᠡᠨ ᠪᠠᠶᠢᠴᠠᠭᠠᠬᠤ ᠠᠵᠢᠯ ᠦᠷᠨᠢᠭᠦᠯᠬᠦ ᠶᠢᠨ ᠬᠠᠮᠳᠤ ᠢᠳᠡᠰᠢᠨ ᠤ ᠮᠠᠯ ᠤᠨ ᠠᠰᠢᠭ ᠰᠢᠮ᠎ᠡ᠂ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠡᠷᠡᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ︽ᠦᠨᠡᠮᠯᠡᠯ ᠲᠠᠢ ᠪᠠᠷ ᠠᠵᠢᠯ ᠤᠨ ᠪᠠᠶᠢᠷᠢᠨ ᠳᠤ ᠭᠠᠷᠬᠤ︾ ᠪᠠ ᠪᠦᠬᠦ ᠶᠠᠪᠤᠴᠠ ᠳᠤ ᠮᠥᠷᠳᠡᠵᠦ ᠪᠤᠯᠬᠤ ᠶᠢ ᠪᠡᠶᠡᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号