ᠥᠪᠥᠷ ᠮᠣᠩᠭᠤᠯ ᠤᠨ ᠰᠦ ᠶᠢᠨ ᠠᠵᠤ ᠦᠢᠯᠡᠰ ᠪᠣᠯᠤᠨ ᠡᠷᠳᠡᠨᠢ ᠰᠢᠰᠢ ᠶᠢᠨ ᠠᠵᠤ ᠦᠢᠯᠡᠰ ᠮᠢᠩᠭᠠᠨ ᠳ᠋ᠦᠩᠰᠢᠭᠤᠷ ᠳᠡᠰ ᠢ ᠳᠠᠪᠠᠪᠠ
ᠨᠡᠶᠢᠲᠡᠯᠡᠭᠰᠡᠨ ᠴᠠᠭ᠄
2019-10-09
       ᠰᠢᠨᠬᠤᠸᠠ ᠬᠤᠷᠢᠶᠠᠨ ᠤ  ᠬᠥᠬᠡᠬᠤᠲᠠ ᠶᠢᠨ  ᠮᠡᠳᠡᠭᠡ  ︵ᠰᠤᠷᠪᠤᠯᠵᠢᠯᠠᠭᠴᠢ  ᠸᠠᠩ  ᠵᠢᠩ︶  ᠰᠤᠷᠪᠤᠯᠵᠢᠯᠠᠭᠴᠢ  10ᠰᠠᠷ᠎ᠠ ᠶᠢᠨ  6 ᠤ ᠡᠳᠦᠷ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠰᠢᠨ᠎ᠡ ᠳᠤᠮᠳᠠᠳᠤ  ᠤᠯᠤᠰ  ᠪᠠᠶᠢᠭᠤᠯᠤᠭᠳᠠᠭᠰᠠᠨ 70  ᠵᠢᠯ ᠤᠨ  ᠲᠤᠷᠰᠢ᠂ ᠥᠪᠥᠷ ᠮᠣᠩᠭᠤᠯ ᠨᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠣᠳᠣᠬᠠᠨ ᠳᠤ ᠰᠦ ᠶᠢᠨ ᠠᠵᠤ ᠦᠢᠯᠡᠰ ᠪᠠ‌ᠡᠷᠳᠡᠨᠢ ᠰᠢᠰᠢ ᠶᠢᠨ ᠠᠵᠤ ᠦᠢᠯᠡᠰ ᠢ 2 ᠮᠢᠩᠭᠠᠨ ᠳ᠋ᠦᠩᠰᠢᠭᠤᠷ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠪᠤᠯᠭᠠᠨ ᠴᠤᠬᠴᠠᠯᠠᠨ ᠪᠠᠶᠢᠭᠤᠯᠵᠤ᠂ ᠢᠳᠡᠰᠢᠨ ᠬᠤᠨᠢ ᠶᠢᠨ ᠦᠢᠯᠡᠰ ᠵᠡᠷᠭᠡ ᠵᠠᠭᠤᠨ ᠳ᠋ᠦᠩᠰᠢᠭᠤᠷ ᠲᠡᠰ ᠤᠨ 8 ᠳᠠᠪᠠᠭᠤᠯᠢᠭ ᠠᠵᠤ ᠦᠢᠯᠡᠰ ᠢ ᠪᠦᠷᠢᠯᠳᠦᠭᠦᠯᠵᠦ᠂ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠶ ᠪᠠᠷ ᠬᠥᠭᠵᠢᠬᠦᠯᠬᠦ ᠯᠠᠪᠳᠠᠭᠤᠨ ᠪᠠᠲᠤᠲᠠᠶ ᠠᠯᠬᠤᠮ ᠢ ᠠᠯᠬᠤᠪᠠ᠃              ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠠᠷᠤᠭ᠎ᠠ ᠰᠦᠨ ᠵᠧᠨ ᠶᠦᠨ᠂ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠡᠰ ᠳᠡᠪᠰᠢᠯᠳᠡ ᠶᠢ ᠲᠠᠰᠤᠷᠠᠯᠲᠠ ᠥᠬᠡᠶ ᠠᠬᠢᠭᠤᠯᠵᠤ᠂ ᠨᠠᠩ ᠣᠯᠠᠨ ᠲᠤᠰᠬᠠᠶᠢᠵᠢᠭᠰᠠᠨ᠂ ᠬᠡᠪᠴᠢᠶᠡᠵᠢᠭᠰᠡᠨ  ᠠᠵᠤ ᠦᠢᠯᠡᠰ ᠤᠨ  ᠪᠦᠯᠦᠭᠵᠢᠯ ᠢ ᠬᠦᠴᠦᠯᠡᠨ ᠪᠠᠶᠢᠭᠤᠯᠵᠤ᠂ ᠢᠳᠡᠰᠢᠨ ᠦᠬᠡᠷ᠂ ᠢᠳᠡᠰᠢᠨ ᠬᠤᠨᠢ᠂ ᠡᠯᠳᠡᠪ ᠠᠮᠤ ᠶᠢᠨ ᠠᠵᠤ ᠦᠢᠯᠡᠰ ᠢ  ᠮᠢᠩᠭᠠᠨ  ᠳ᠋ᠦᠩᠰᠢᠭᠤᠷ ᠲᠡᠰ ᠤᠨ ᠠᠵᠤ ᠦᠢᠯᠡᠰ ᠤᠨ ᠪᠦᠯᠦᠭᠵᠢᠯ ᠪᠣᠯᠭᠠᠨ ᠪᠦᠲᠦᠭᠡᠨ  ᠪᠠᠶᠢᠭᠤᠯᠵᠤ᠂ ᠳ᠋ᠠᠳᠧᠦ ᠪᠤᠷᠴᠠᠭ᠂ ᠬᠢᠲᠠᠳ ᠮᠣᠩᠭᠤᠯ ᠡᠮ ᠵᠡᠷᠭᠡ ᠠᠵᠤ ᠦᠢᠯᠡᠰ ᠢ ᠵᠠᠭᠤᠨ ᠳ᠋ᠦᠩᠰᠢᠭᠤᠷ ᠲᠡᠰ ᠤᠨ ᠠᠵᠤ ᠦᠢᠯᠡᠰ ᠤᠨ ᠪᠦᠯᠦᠭᠵᠢᠯ  ᠪᠣᠯᠭᠠᠨ  ᠪᠦᠲᠦᠭᠡᠨ ᠪᠠᠶᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠯᠭᠠᠭᠤᠷᠢ ᠬᠦᠴᠦᠨ ᠪᠤᠯᠭᠠᠨ ᠪᠠᠶᠢᠭᠤᠯᠬᠤ ᠪᠠᠷ ᠴᠢᠷᠮᠠᠶᠢᠨ᠎ᠠ ᠬᠡᠵᠦ ᠬᠡᠯᠡᠪᠡ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号