ᠦᠪᠦᠷ ᠮᠣᠩᠭᠤᠯ ᠤᠨ 4 ᠶᠡᠭᠡ ᠰᠤᠷᠭᠠᠭᠤᠯᠢ ᠳᠤ ᠤᠯᠤᠰ ᠲᠠᠶᠠᠭᠠᠷ ᠤᠨ ᠠᠰᠫᠢᠷᠠᠨᠲ ᠡᠯᠰᠡᠬᠦ ᠰᠢᠯᠭᠠᠯᠳᠠ ᠶᠢᠨ ᠴᠢᠬ ᠨᠡᠮᠡᠵᠤ ᠪᠠᠶᠢᠭᠤᠯᠪᠠ
ᠨᠡᠶᠢᠲᠡᠯᠡᠭᠰᠡᠨ ᠴᠠᠭ᠄
2019-10-09
     ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ 2020 ᠤᠨ ᠠᠴᠠ ᠡᠬᠢᠯᠡᠨ᠂ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠦᠨᠳᠤᠰᠦᠳᠡᠨ ᠤ ᠶᠡᠭᠡ ᠰᠤᠷᠭᠠᠭᠤᠯᠢ ᠵᠡᠷᠬᠡ 4 ᠶᠡᠭᠡ ᠰᠤᠷᠭᠠᠭᠤᠯᠢ ᠠᠰᠫᠢᠷᠠᠨᠲ ᠡᠯᠰᠡᠬᠦ ᠰᠢᠯᠭᠠᠯᠳᠠ ᠶᠢᠨ ᠴᠢᠬ ᠪᠠᠶᠢᠭᠤᠯᠪᠠ᠃      ᠠᠰᠫᠢᠷᠠᠨᠲ ᠡᠯᠰᠡᠬᠦ ᠰᠢᠯᠭᠠᠯᠳᠠ ᠶᠢᠨ ᠴᠢᠬ ᠤᠨ ᠭᠤᠤᠯ ᠡᠬᠦᠷᠬᠡ ᠨᠢ ᠰᠢᠯᠭᠠᠭᠤᠯᠤᠭᠰᠠᠳ ᠲᠤ ᠯᠠᠪᠯᠠᠭ᠎ᠠ ᠦᠭᠬᠦ᠂ ᠰᠢᠯᠭᠠᠭᠤᠯᠤᠭᠰᠠᠳ ᠲᠤᠬᠠᠢ ᠶᠢᠨ ᠲᠠᠯᠠᠪᠤᠷ ᠲᠤ ᠨᠢ ᠪᠠᠳᠤᠯᠭᠠᠵᠢᠭᠤᠯᠬᠤ᠂ ᠰᠢᠯᠭᠠᠯᠳᠠ ᠶᠢᠨ ᠲᠠᠯᠠᠪᠤᠷ ᠲᠤᠬᠢᠷᠠᠭᠤᠯᠬᠤ᠂ ᠰᠢᠯᠭᠠᠯᠳᠠ ᠶᠢ ᠵᠤᠬᠢᠶᠠᠨ ᠪᠠᠶᠢᠭᠤᠯᠬᠤ ᠵᠡᠷᠬᠡ ᠪᠤᠯᠤᠨ᠎ᠠ᠃ ᠶᠡᠭᠡ ᠲᠡᠭᠡᠳᠤ ᠰᠤᠷᠭᠠᠭᠤᠯᠢ ᠳᠤ ᠰᠢᠯᠭᠠᠯᠳᠠ ᠶᠢᠨ ᠴᠢᠬ ᠪᠠᠶᠢᠭᠤᠯᠤᠭᠰᠠᠨ ᠤ ᠲᠠᠷᠠᠭ᠎ᠠ ᠲᠤᠬᠠᠢ ᠶᠢᠨ ᠰᠤᠷᠭᠠᠭᠤᠯᠢ ᠶᠢᠨ ᠲᠡᠬᠦᠰᠦᠭᠰᠡᠨ ᠰᠤᠷᠤᠭᠴᠢᠳ ᠢ ᠬᠦᠯᠢᠶᠡᠨ ᠠᠪᠬᠤ ᠪᠠᠷ ᠭᠤᠤᠯ ᠪᠤᠯᠭᠠᠵᠤ᠂ ᠲᠠᠭᠠᠤ ᠳᠤ ᠨᠢ ᠪᠤᠰᠤᠳ ᠰᠤᠷᠭᠠᠭᠤᠯᠢ ᠶᠢᠨ ᠤᠶᠤᠳᠠᠨ ᠢ ᠬᠠᠷᠠᠭᠠᠯᠵᠠᠨ᠎ᠠ᠃ ᠰᠢᠯᠭᠠᠯᠳᠠ ᠶᠢᠨ ᠴᠢᠬ ᠪᠦᠷᠢ ᠨᠢ 100 ᠰᠢᠯᠭᠠᠯᠳᠠ ᠶᠢᠨ ᠲᠠᠯᠠᠪᠤᠷ ᠠᠴᠠ ᠬᠡᠳᠤᠷᠠᠭᠦᠯᠵᠤ ᠪᠤᠯᠬᠤ ᠦᠭᠡᠢ᠃      ᠤᠶᠢᠯᠠᠭᠠᠭᠰᠠᠨ ᠢᠶᠠᠷ᠂ ᠤᠳᠤᠬᠠᠨ ᠳᠤ ᠤᠷᠤᠨ ᠲᠠᠶᠠᠭᠠᠷ ᠤᠨ ᠠᠶᠢᠮᠠᠭ ᠬᠤᠳᠠ ᠳᠤ ᠰᠢᠯᠭᠠᠯᠳᠠ ᠶᠢᠨ ᠴᠢᠬ ᠪᠠᠶᠢᠭᠤᠯᠤᠭᠰᠠᠨ ᠢᠶᠠᠷ ᠪᠠᠷᠠᠬᠤ ᠦᠬᠡᠢ᠂ ᠡᠬᠦᠨ ᠠᠴᠠ ᠡᠮᠦᠨ᠎ᠡ ᠦᠪᠦᠷ ᠮᠣᠩᠭᠤᠯ ᠤᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠦᠪᠦᠷ ᠮᠣᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ ᠳᠤ ᠰᠢᠯᠭᠠᠯᠳᠠ ᠶᠢᠨ ᠴᠢᠬ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号