ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ︽ᠨᠢᠰᠬᠡᠯ ᠳᠤ ᠰᠠᠭᠤᠬᠤ‌‍ᠲ᠋ᠦ᠋ᠷ ᠴᠠᠬ ᠤᠨ ᠡᠯᠧᠺᠳ᠋ᠷᠤᠨ ᠬᠡᠷᠡᠴᠢᠯᠡᠯᠳᠡ ᠶᠢᠨ ᠰᠢᠰᠲ᠋ᠧᠮ︾ ᠠᠰᠢᠬᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2019-10-09
     ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ︽ᠨᠢᠰᠬᠡᠯ ᠳᠤ ᠰᠠᠭᠤᠬᠤ ᠲᠦᠷ ᠴᠠᠬ ᠤᠨ ᠡᠯᠧᠺᠳ᠋ᠷᠤᠨ ᠬᠡᠷᠡᠴᠢᠯᠡᠯᠳᠡ ᠶᠢᠨ ᠰᠢᠰᠲ᠋ᠧᠮ︾ ᠨᠢ ᠲᠦᠷᠦᠬᠦᠬᠡᠨ ᠠᠰᠢᠬᠯᠠᠯᠳᠠ ᠳᠤ ᠤᠷᠤᠬᠤ ᠶᠢ ᠲᠠᠭᠠᠯᠳᠤᠵᠦ᠂ ᠪᠡᠶ᠎ᠠ ᠶᠢᠨ ᠦᠨᠡᠮᠯᠡᠯ ᠢᠶᠠᠨ ᠠᠪᠤᠬᠰᠠᠨ ᠦᠬᠡᠢ ᠠᠶᠠᠨᠴᠢᠨ ᠭᠠᠷ ᠤᠳᠠᠰᠤᠨ ᠤ ᠬᠤᠶᠠᠷ ᠬᠡᠮᠵᠢᠯᠳᠤ ᠺᠤᠳ᠋ ᠢᠶᠠᠷ ᠰᠢᠷᠪᠢᠵᠦ ᠲᠤᠰ ᠬᠦᠮᠦᠨ ᠪᠠ ᠪᠡᠶ᠎ᠠ ᠶᠢᠨ ᠦᠨᠡᠮᠯᠡᠯ ᠢᠶᠠᠨ ᠬᠠᠷᠭᠤᠭᠤᠯᠤᠨ ᠰᠢᠯᠭᠠᠭᠤᠯᠬᠤ ᠪᠠᠷ ᠲᠠᠮᠵᠢᠵᠦ᠂ ᠨᠢᠰᠬᠡᠯ ᠳᠤ ᠰᠠᠭᠤᠬᠤ ᠭᠠᠷᠳᠠᠮ ᠢ ᠬᠦᠢᠴᠡᠳᠬᠡᠵᠦ ᠲᠡᠶᠢᠯᠬᠦ ᠪᠤᠯᠪᠠ᠃      ᠲᠤᠰ ᠨᠢᠰᠬᠡᠯ ᠤᠨ ᠪᠠᠭᠤᠳᠠᠯ ᠤᠨ ︽ᠨᠢᠰᠬᠡᠯ ᠳᠤ ᠰᠠᠭᠤᠬᠤ ᠲᠦᠷ ᠴᠠᠬ ᠤᠨ ᠡᠯᠧᠺᠳ᠋ᠷᠤᠨ ᠬᠡᠷᠡᠴᠢᠯᠡᠯᠳᠡ ᠶᠢᠨ ᠰᠢᠰᠲ᠋ᠧᠮ︾ ᠨᠢ ᠪᠡᠶ᠎ᠠ ᠶᠢᠨ ᠦᠨᠡᠮᠯᠡᠯ ᠢᠶᠠᠨ ᠠᠪᠤᠬᠰᠠᠨ ᠦᠬᠡᠢ ᠠᠶᠠᠨᠴᠢᠨ ᠤ ᠨᠢᠰᠬᠡᠯ ᠳᠤ ᠰᠠᠭᠤᠬᠤ ᠳᠤ ᠲᠤᠰ ᠬᠦᠮᠦᠨ ᠪᠠ ᠪᠡᠶ᠎ᠠ ᠶᠢᠨ ᠦᠨᠡᠮᠯᠡᠯ ᠢ ᠨᠢ ᠬᠠᠷᠭᠤᠭᠤᠯᠤᠨ ᠰᠢᠯᠭᠠᠬᠤ ᠦᠢᠯᠡᠴᠢᠯᠡᠭᠡ ᠬᠠᠩᠭᠠᠳᠠᠬ ᠪᠠᠶᠢᠨ᠎ᠠ᠃ ᠪᠡᠶ᠎ᠠ ᠶᠢᠨ ᠦᠨᠡᠮᠯᠡᠯ ᠢᠶᠠᠨ ᠠᠪᠤᠬᠰᠠᠨ ᠦᠬᠡᠢ ᠠᠶᠠᠨᠴᠢᠨ ᠵᠢᠷᠬᠢᠶ᠎ᠠ ᠪᠠᠷ ᠢᠶᠠᠨ ︽ᠠᠷᠠᠳ ᠤᠨ ᠠᠭᠠᠷ ᠤᠨ ᠠᠶᠠᠯᠠᠯ ᠤᠨ ᠨᠢᠰᠬᠡᠯ ᠳᠤ ᠰᠠᠭᠤᠬᠤ ᠲᠦᠷ ᠴᠠᠬ ᠤᠨ ᠬᠡᠷᠡᠴᠢᠯᠡᠯᠳᠡ︾ ᠬᠡᠬᠦ ᠦᠰᠦᠭ ᠢ ᠬᠠᠶᠢᠬᠤ ᠪᠤᠶᠤ ᠢᠯᠡᠷᠬᠡᠶᠢᠯᠡᠯ ᠲᠡᠮᠳᠡᠭ ᠤᠨ ᠫᠠᠶᠢᠰᠠ ᠳᠠᠬᠢ ᠬᠤᠶᠠᠷ ᠬᠡᠮᠵᠢᠯᠳᠤ ᠺᠤᠳ᠋ ᠢ ᠰᠢᠷᠪᠢᠵᠦ᠂ ᠰᠠᠨᠠᠭᠤᠯᠤᠮᠵᠢ ᠶᠤᠰᠤᠭᠠᠷ ᠨᠢ ᠬᠤᠪᠢ ᠬᠦᠮᠦᠨ ᠤ ᠬᠠᠮᠢᠶ᠎ᠠ ᠪᠦᠬᠦᠢ ᠮᠡᠳᠡᠭᠡ ᠵᠠᠩᠬᠢ ᠪᠠᠨ ᠲᠠᠭᠯᠠᠬᠤ ᠶᠢᠨ ᠬᠠᠮᠳᠤ ᠨᠢᠭᠤᠷ ᠢᠶᠠᠨ ᠰᠢᠷᠪᠢᠬᠦᠯᠵᠦ ᠲᠤᠳᠤᠯᠠᠭᠤᠯᠪᠠᠯ᠂ ᠲᠠᠷᠤᠢ ᠳᠤᠨᠢ 15 ᠡᠳᠦᠷ ᠤᠨ ᠬᠤᠭᠤᠴᠠᠭ᠎ᠠ ᠪᠦᠬᠦᠢ ᠨᠢᠰᠬᠡᠯ ᠳᠤ ᠰᠠᠭᠤᠬᠤ ᠲᠦᠷ ᠴᠠᠬ ᠤᠨ ᠡᠯᠧᠺᠳ᠋ᠷᠤᠨ ᠬᠡᠷᠡᠴᠢᠯᠡᠯᠳᠡ ᠶᠢᠨ ᠬᠤᠶᠠᠷ ᠬᠡᠮᠵᠢᠯᠳᠤ ᠺᠤᠳ᠋ ᠢ ᠭᠠᠷᠭᠠᠵᠦ᠂ ᠡᠨᠡ ᠬᠦ ᠬᠤᠶᠠᠷ ᠬᠡᠮᠵᠢᠯᠳᠤ ᠺᠤᠳ᠋ ᠢᠶᠠᠨ ᠠᠪᠴᠤ ᠨᠢᠰᠬᠡᠯ ᠳᠤ ᠰᠠᠭᠤᠬᠤ ᠪᠠ ᠠᠮᠤᠷ ᠲᠦᠪᠰᠢᠨ ᠤ ᠪᠠᠶᠢᠴᠠᠭᠠᠯᠳᠠ ᠶᠢᠨ ᠭᠠᠷᠳᠠᠮ ᠢ ᠬᠦᠢᠴᠡᠳᠬᠡᠵᠦ ᠲᠡᠶᠢᠯᠬᠦ ᠪᠤᠯᠤᠬᠰᠠᠨ ᠪᠠᠶᠢᠨ᠎ᠠ᠃ ᠤᠳᠤᠬᠠᠨ ᠳᠤ᠂ ᠲᠤᠰ ᠨᠢᠰᠬᠡᠯ ᠤᠨ ᠪᠠᠭᠤᠳᠠᠯ ᠨᠢ ︽ᠨᠢᠰᠬᠡᠯ ᠳᠤ ᠰᠠᠭᠤᠬᠤ ᠲᠦᠷ ᠴᠠᠬ ᠤᠨ ᠡᠯᠧᠺᠳ᠋ᠷᠤᠨ ᠬᠡᠷᠡᠴᠢᠯᠡᠯᠳᠡ ᠶᠢᠨ ᠰᠢᠰᠲ᠋ᠧᠮ︾ ᠤᠨ ᠲᠦᠬᠦᠬᠡᠷᠤᠮᠵᠢ ᠶᠢ ᠨᠢᠰᠬᠡᠯ ᠤᠨ ᠪᠠᠭᠤᠳᠠᠯ ᠤᠨ ᠠᠶᠠᠯᠠᠯ ᠤᠨ ᠦᠷᠳᠡᠭᠡ ᠶᠢᠨ ᠠᠰᠠᠷ ᠤᠨ C01 ᠴᠤᠩᠬᠤᠪᠴᠢ᠂ ᠨᠢᠰᠬᠡᠯ ᠳᠤ ᠰᠠᠭᠤᠬᠤ ᠭᠠᠷᠳᠠᠮ ᠬᠦᠢᠴᠡᠳᠬᠡᠬᠦ D ᠴᠤᠩᠬᠤᠪᠴᠢ᠂ ᠠᠮᠤᠷ ᠲᠦᠪᠰᠢᠨ ᠤ ᠪᠠᠶᠢᠴᠠᠭᠠᠯᠳᠠ ᠬᠢᠬᠦ A ᠵᠠᠮ ᠪᠠ B ᠵᠠᠮ ᠵᠢᠴᠢ ᠨᠢᠬᠡᠳᠦᠬᠡᠷ ᠲᠠᠪᠬᠤᠷᠯᠢᠬ ᠤᠨ ᠡᠷᠬᠢᠮ ᠵᠤᠴᠢᠨ ᠢ ᠵᠤᠴᠢᠯᠠᠬᠤ ᠴᠤᠩᠬᠤᠪᠴᠢ ᠪᠠ ᠡᠷᠬᠢᠮ ᠵᠤᠴᠢᠨ ᠤ ᠠᠮᠤᠷ ᠲᠦᠪᠰᠢᠨ ᠤ ᠪᠠᠶᠢᠴᠠᠭᠠᠯᠳᠠ ᠶᠢᠨ ᠵᠠᠮ ᠵᠡᠷᠬᠡ 6 ᠭᠠᠵᠠᠷ ᠲᠤ ᠲᠤᠬᠢᠷᠠᠭᠤᠯᠤᠬᠰᠠᠨ ᠪᠠᠶᠢᠨ᠎ᠠ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号