2020 ᠣᠨ ᠠᠴᠠ ᠬᠥᠬᠡᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠤᠯᠤᠰ ᠲᠥᠷᠥ ᠶᠢᠨ ᠬᠢᠴᠢᠶᠡᠯ ᠳᠤ ᠳᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2019-11-01
       ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ ᠳᠠᠳᠤᠯᠭ᠎ᠠ ᠶᠢᠨ ᠰᠤᠷᠤᠭᠴᠢ ᠮᠦᠩᠬᠦᠨᠵᠤᠯᠠ︶ ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠣᠶᠢᠯᠭᠠᠭᠰᠠᠨ ᠢᠶᠠᠷ᠂ 2020 ᠣᠨ ᠠᠴᠠ ᠡᠬᠢᠯᠡᠨ᠂ ᠬᠥᠬᠡᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ︵ᠤᠤᠯ ᠤᠨ ᠦᠵᠡᠯ ᠰᠠᠨᠠᠭ᠎ᠠ ᠶᠣᠰᠣ ᠮᠤᠷᠠᠯ︶ ᠬᠢᠴᠢᠶᠡᠯ ᠲᠥᠷᠥᠯ ᠤᠨ ᠰᠢᠯᠭᠠᠯᠲᠠ ᠶᠢᠨ ᠠᠭᠤᠯᠭ᠎ᠠ ᠪᠠ ᠬᠤᠪᠢ ᠶᠢᠨ ᠬᠠᠷᠢᠴᠠᠯ ᠳᠤ ᠲᠣᠬᠢᠷᠠᠭᠤᠯᠤᠯᠲᠠ ᠬᠢᠵᠦ᠂ ᠰᠢᠯᠭᠠᠯᠲᠠ ᠶᠢᠨ ᠬᠤᠪᠢ ᠶᠢᠨ ᠬᠠᠷᠢᠴᠠᠯ ᠢ 30 ᠬᠤᠪᠢ ᠪᠠᠶᠢᠭᠰᠠᠨ ᠠᠴᠠ 60 ᠬᠤᠪᠢ ᠪᠣᠯᠭᠠᠵᠤ᠂ ᠲᠡᠤᠬᠡ ᠶᠢᠨ ᠬᠢᠴᠢᠶᠡᠯ ᠲᠥᠷᠥᠯ ︵40 ᠬᠤᠪᠢ︶ ᠤᠨ ᠶᠡᠷᠦᠩᠬᠡᠶᠢᠯᠡᠭᠰᠡᠨ ᠰᠢᠯᠭᠠᠯᠲᠠ ᠶᠢᠨ ᠬᠠᠭᠤᠳᠠᠰᠤ ᠯᠤᠭ᠎ᠠ ᠨᠡᠶᠢᠲᠡ 100 ᠬᠤᠪᠢ ᠪᠣᠯᠭᠠᠨ᠎ᠠ᠃ ᠰᠢᠯᠭᠠᠬᠤ ᠴᠠᠭ ᠢ 70 ᠮᠢᠨᠦ᠋ᠲ ᠪᠠᠶᠢᠭᠰᠠᠨ ᠠᠴᠠ 100 ᠮᠢᠨᠦ᠋ᠲ ᠪᠣᠯᠭᠠᠨ ᠨᠡᠮᠡᠨ᠎ᠡ᠃      ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠬᠢᠴᠢᠶᠡᠯ ᠤᠨ ᠰᠢᠯᠭᠠᠯᠲᠠ ᠶᠢᠨ ᠬᠠᠭᠤᠳᠠᠰᠤ ᠶᠢᠨ ᠪᠦᠲᠦᠴᠡ ᠪᠠ ᠰᠡᠳᠦᠪ ᠤᠨ ᠬᠡᠯᠪᠡᠷᠢ ᠶᠢᠨ ᠬᠠᠷᠢᠴᠠᠯ ᠢ ᠵᠦᠶ ᠵᠣᠬᠢᠰᠲᠠᠶ ᠲᠣᠬᠢᠷᠠᠭᠤᠯᠵᠤ᠂ ᠵᠠᠯᠠᠭᠤᠴᠤᠳ ᠪᠠᠭᠠᠴᠤᠳ ᠤᠨ ᠥᠷᠲᠡᠭ ᠤᠨ ᠦᠵᠡᠯᠲᠡ ᠶᠢᠨ ᠬᠥᠮᠥᠵᠢᠯ ᠵᠡᠷᠭᠡ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠭᠤᠯᠭ᠎ᠠ ᠶᠢ ᠴᠢᠩᠭᠠᠳᠬᠠᠵᠤ᠂ ᠣᠳᠣ ᠶᠢᠨ ᠰᠠᠭᠤᠷᠢᠨ ᠳᠡᠭᠡᠷ᠎ᠡ ᠴᠢᠳᠠᠪᠤᠷᠢ ᠶᠢᠨ ᠲᠤᠬᠠᠢ ᠰᠢᠯᠭᠠᠨ ᠪᠠᠶᠢᠴᠠᠭᠠᠯᠲᠠ ᠶᠢ ᠵᠦᠢ ᠵᠣᠬᠢᠰᠲᠠᠢ ᠨᠡᠮᠡᠭᠳᠡᠭᠦᠯᠦᠨ᠎ᠡ᠃      ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ︾ ᠬᠢᠴᠢᠶᠡᠯ ᠤᠨ ᠵᠢᠭᠠᠬᠤ ᠮᠠᠲ᠋ᠧᠷᠢᠶᠠᠯ ᠪᠣᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢᠭᠡᠳᠦᠯᠲᠡᠶ  ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠣᠨ᠎ᠠ᠂ ᠤᠤᠯ ᠤᠨ ︽ᠦᠵᠡᠯ ᠰᠠᠨᠠᠭ᠎ᠠ ᠶᠣᠰᠣ ᠮᠤᠷᠠᠯ ᠰᠤᠷᠲᠠᠯ︾ ᠤᠨ ᠵᠢᠭᠠᠬᠤ ᠮᠠᠲ᠋ᠧᠷᠢᠶᠠᠯ ᠲᠠᠢ ᠬᠠᠷᠢᠴᠠᠭᠤᠯᠪᠠᠯ᠂ ᠬᠢᠴᠢᠶᠡᠯ ᠤᠨ ᠠᠭᠤᠯᠭ᠎ᠠ᠂ ᠦᠨ᠎ᠡ ᠥᠷᠳᠡᠭ ᠪᠠ ᠴᠢᠳᠠᠮᠵᠢ ᠨᠢ ᠤᠯᠠᠮ ᠨᠢᠭᠡ ᠠᠯᠬᠤᠮ ᠥᠷᠭᠡᠵᠢᠭᠰᠡᠨ ᠪᠠᠶᠢᠨ᠎ᠠ᠃      ᠬᠢᠴᠢᠶᠡᠯ ᠤᠨ ᠠᠭᠤᠯᠭ᠎ᠠ ᠪᠠ ᠰᠢᠰᠲ᠋ᠧᠮ ᠤᠨ ᠪᠠᠶᠢᠭᠤᠯᠤᠯᠲᠠ ᠠᠴᠠ ᠦᠵᠡᠪᠡᠯ᠂ ᠪᠥᠬᠦ ᠵᠢᠭᠠᠬᠤ ᠮᠠᠲ᠋ᠧᠷᠢᠶᠠᠯ ᠤᠨ ᠮᠡᠳᠡᠯᠭᠡ ᠶᠢᠨ ᠰᠢᠰᠲ᠋ᠧᠮ ᠨᠢ ᠰᠤᠷᠤᠭᠴᠢᠳ ᠤᠨ ᠥᠪᠡᠷ ᠢ ᠪᠠᠨ ᠲᠠᠨᠢᠨ ᠮᠡᠳᠡᠬᠦ᠂ ᠤᠯᠤᠰ ᠣᠷᠣᠨ ᠢᠶᠠᠨ ᠬᠠᠶᠢᠷᠠᠯᠠᠬᠤ ᠰᠡᠳᠬᠢᠯᠭᠡ᠂ ᠣᠯᠠᠨ ᠤᠯᠤᠰ ᠤᠨ ᠬᠠᠷᠠᠭᠠᠰᠤ ᠪᠠ ᠪᠥᠬᠦ ᠪᠥᠮᠪᠥᠷᠴᠡᠭ ᠤᠨ ᠤᠬᠠᠮᠰᠠᠷ ᠢ ᠬᠠᠮᠤᠷᠴᠤ᠂ ᠬᠠᠮᠤᠷᠬᠤ ᠬᠡᠪᠴᠢᠶ᠎ᠡ ᠨᠢ ᠢᠯᠡᠳᠲᠡ ᠨᠡᠮᠡᠭᠳᠡᠭᠰᠡᠨ ᠪᠠᠶᠢᠨ᠎ᠠ᠃ ᠬᠢᠴᠢᠶᠡᠯ ᠤᠨ ᠢᠯᠡᠷᠡᠭᠦᠯᠦᠭᠰᠡᠨ ᠥᠷᠲᠡᠭ ᠪᠠ ᠴᠢᠳᠠᠮᠵᠢ ᠠᠴᠠ ᠦᠵᠡᠪᠡᠯ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ︾ ᠨᠢ ᠵᠠᠯᠠᠭᠤᠴᠤᠳ ᠪᠠᠭᠠᠴᠤᠳ ᠤᠨ ᠡᠵᠡᠮᠰᠢᠪᠡᠰᠦ ᠵᠣᠬᠢᠬᠤ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠮᠡᠳᠡᠯᠭᠡ ᠶᠢ ᠪᠠᠭᠲᠠᠭᠠᠭᠰᠠᠨ ᠪᠦᠬᠡᠳ ᠪᠠᠰᠠ ᠵᠠᠯᠠᠭᠤᠴᠤᠳ ᠪᠠᠭᠠᠴᠤᠳ ᠤᠨ ᠥᠷᠲᠡᠭ ᠤᠨ ᠦᠵᠡᠯᠲᠡ ᠶᠢᠨ ᠬᠥᠮᠥᠵᠢᠯ ᠵᠡᠷᠭᠡ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠭᠤᠯᠭ᠎ᠠ ᠶᠢ ᠴᠢᠩᠭᠠᠳᠬᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号