ᠬᠤᠷᠢᠨᠭᠡᠷ ᠰᠢᠶᠠᠨ ᠶᠢᠰᠦᠳᠦᠭᠡᠷ ᠷᠠᠳᠢᠣ᠋ ᠪᠡᠶ᠎ᠡ ᠶᠢᠨ ᠲᠠᠮᠢᠷ᠂ ᠠᠵᠢᠯ ᠤᠨ ᠵᠠᠪᠰᠠᠷ ᠤᠨ ᠲᠠᠮᠢᠷ ᠤᠨ ᠪᠣᠯᠪᠠᠰᠣᠷᠠᠭᠤᠯᠣᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠢ ᠡᠷᠬᠢᠯᠡᠨ ᠶᠠᠪᠣᠭᠳᠠᠭᠤᠯᠪᠠ
ᠨᠡᠶᠢᠲᠡᠯᠡᠭᠰᠡᠨ ᠴᠠᠭ᠄
2019-11-11
     ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ᠢ ᠤᠯᠠᠮ ᠨᠢᠭᠡ ᠠᠯᠬᠤᠮ ᠲᠣᠭᠤᠰᠢᠯᠠᠭᠤᠯᠣᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠥᠷᠭᠡᠨ ᠣᠯᠠᠨ ᠺᠠᠳ᠋ᠷ ᠠᠵᠢᠯᠲᠠᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 7 ᠤ ᠡᠳᠦᠷ᠂ ᠮᠠᠨ ᠤ ᠰᠢᠶᠠᠨ ᠰᠢᠶᠠᠨ ᠤ ᠰᠣᠶᠣᠯ ᠤᠨ ᠣᠷᠳᠣᠨ ᠳᠤ ᠶᠢᠰᠦᠳᠦᠭᠡᠷ ᠷᠠᠳᠢᠣ᠋ ᠪᠡᠶ᠎ᠡ ᠶᠢᠨ ᠲᠠᠮᠢᠷ᠂ ᠠᠵᠢᠯ ᠤᠨ ᠵᠠᠪᠰᠠᠷ ᠤᠨ ᠪᠡᠶ᠎ᠡ ᠶᠢᠨ ᠲᠠᠮᠢᠷ ᠤᠨ ᠪᠣᠯᠪᠠᠰᠣᠷᠠᠭᠤᠯᠣᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠢ ᠡᠷᠬᠢᠯᠡᠨ ᠶᠠᠪᠣᠭᠳᠠᠭᠤᠯᠪᠠ᠃ ᠰᠢᠶᠠᠨ ᠤ ᠳᠡᠳ᠋ ᠳᠠᠷᠤᠭ᠎ᠠ ᠲᠤᠶᠠᠭ᠎ᠠ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃  ᠪᠦᠬᠦ ᠰᠢᠶᠠᠨ ᠤ ᠵᠠᠰᠠᠭ ᠵᠠᠬᠢᠷᠭᠠᠨ ᠤ ᠪᠠ ᠠᠵᠢᠯ ᠦᠢᠯᠡᠰ ᠤᠨ ᠨᠢᠭᠡᠴᠡ ᠨᠡᠶᠢᠲᠡ34 ᠬᠦᠮᠦᠨ ᠠᠩᠭᠢ ᠡᠬᠢᠯᠡᠬᠦ ᠪᠣᠯᠪᠠᠰᠣᠷᠠᠭᠤᠯᠣᠯ ᠳᠤ ᠣᠷᠣᠯᠴᠠᠵᠣ᠂ ᠵᠢᠭᠠᠨ ᠰᠣᠷᠭᠠᠬᠤ ᠸᠢᠳᠢᠤ᠋ ᠶᠢ ᠦᠵᠡᠬᠦ ᠪᠠᠷ ᠳᠠᠮᠵᠢᠵᠤ᠂ ᠪᠠᠭᠰᠢ ᠠᠴᠠ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠠᠰᠠᠭᠤᠨ ᠯᠠᠪᠯᠠᠵᠤ᠂ ᠵᠠᠭᠤᠨ ᠤ ᠵᠠᠭᠤ ᠶᠢᠨ ᠣᠷᠭᠢᠯᠣᠮ᠎ᠠ ᠰᠡᠳᠬᠢᠯ ᠢᠶᠠᠷ ᠰᠣᠷᠣᠯᠴᠠᠭᠰᠠᠨ ᠪᠠᠶᠢᠨ᠎ᠠ᠃      ᠲᠤᠶᠠᠭ᠎ᠠ ᠵᠢᠭᠠᠵᠣ ᠭᠠᠷᠭᠠᠭᠰᠠᠨ ᠨᠢ᠂ ᠶᠢᠰᠦᠳᠦᠭᠡᠷ ᠷᠠᠳᠢᠣ᠋ ᠪᠡᠶ᠎ᠡ ᠶᠢᠨ ᠲᠠᠮᠢᠷ ᠢ ᠰᠤᠷᠤᠯᠴᠠᠬᠤ ᠪᠣᠯ ᠣᠳᠣᠬᠠᠨ ᠤ ᠮᠠᠨ ᠤ ᠰᠢᠶᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠳᠡᠯᠭᠡᠷᠡᠭᠦᠯᠬᠦ ᠴᠢᠬᠤᠯᠠ ᠠᠭᠤᠯᠭ᠎ᠠ ᠪᠣᠯᠤᠨ᠎ᠠ᠂ ᠮᠥᠨᠴᠦ ᠪᠠᠶᠢᠭᠤᠯᠭ᠎ᠠ ᠨᠢᠭᠡᠴᠡ ᠶᠢᠨ ᠰᠣᠶᠣᠯ ᠪᠣᠯᠤᠨ ᠵᠣᠷᠢᠭ ᠰᠠᠨᠠᠭ᠎ᠠ ᠶᠢ ᠳᠡᠭᠡᠭᠰᠢᠯᠡᠭᠦᠯᠵᠦ᠂ ᠺᠠᠳ᠋ᠷ᠂ ᠠᠵᠢᠯᠲᠠᠨ ᠠᠵᠢᠯᠴᠢᠨ ᠤ ᠡᠩᠨᠡᠭᠡ ᠶᠢᠨ ᠨᠢᠭᠲᠠᠷᠠᠭᠤᠯᠬᠤ ᠬᠦᠴᠦᠨ ᠪᠣᠯᠤᠨ ᠳᠠᠶᠢᠴᠢᠨ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ᠃ ᠡᠯ᠎ᠡ ᠨᠢᠭᠡᠴᠡ᠂ ᠠᠵᠢᠯᠲᠠᠨ ᠠᠵᠢᠯᠴᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠲᠠᠨᠢᠯᠲᠠ ᠪᠠᠨ ᠳᠡᠭᠡᠭᠰᠢᠯᠡᠭᠦᠯᠵᠦ᠂ ᠰᠣᠶᠣᠯ ᠪᠡᠶ᠎ᠡ ᠶᠢᠨ ᠲᠠᠮᠢᠷ ᠤᠨ ᠭᠤᠤᠯᠯᠠᠭᠴᠢ ᠬᠦᠴᠦᠨ ᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠤᠢ ᠪᠣᠯᠭᠠᠵᠤ᠂ ᠮᠠᠨ ᠤ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷᠯᠢᠭ ᠪᠥᠭᠡᠳ ᠲᠦᠷᠭᠡᠨ ᠬᠥᠭᠵᠢᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号