ᠺᠠᠩ ᠶᠦᠩ ᠴᠢᠶᠠᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-11-12
      11 ᠳ᠋ᠦ᠋ᠭᠡᠷ ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠺᠠᠩ ᠶᠦᠩ ᠴᠢᠶᠠᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ ᠬᠦᠶ ᠵᠥᠩ ᠤᠨ ᠪᠠᠷ᠎ᠠ ᠪᠣᠯᠣᠯᠤᠭ᠎ᠠ ᠲᠠᠢ ᠪᠠᠷ᠂ ᠤᠷᠢᠳ ᠬᠤᠵᠢᠳ ᠰᠢᠤᠢ ᠶᠠᠩ ᠵᠦᠩ ᠷᠠᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠤᠰᠤ ᠬᠠᠩᠭᠠᠬᠤ ᠢᠨᠵᠧᠨᠧᠷᠢᠩ ᠤᠨ ᠬᠥᠭᠡᠷᠭᠡ ᠶᠢᠨ ᠥᠷᠲᠡᠭᠡ᠂ ᠥᠪᠥᠷ ᠮᠣᠩᠭᠤᠯ ᠤᠨ ᠾᠧᠩ ᠶᠤᠸᠠᠨ ᠭᠤᠤ ᠯᠢᠩ ᠰᠢᠷᠣᠶ ᠶᠢᠨ ᠬᠢᠵᠠᠭᠠᠷᠲᠤ ᠺᠣᠮᠫᠠᠨᠢ᠂ ᠸᠠᠨ ᠴᠢᠦ ᠰᠢᠨ᠎ᠡ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠪᠡ᠃ ᠬᠦᠷᠦᠭᠰᠡᠨ ᠭᠠᠵᠠᠷ ᠪᠣᠯᠭᠠᠨ ᠳᠤ᠂ ᠺᠠᠩ ᠶᠦᠩ ᠴᠢᠶᠠᠩ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠵᠤ᠂ ᠦᠢᠯᠡᠳᠪᠦᠷᠢ ᠶᠢᠨ ᠭᠡᠷ ᠪᠠᠶᠢᠰᠢᠩ᠂ ᠦᠢᠯᠡᠳᠪᠦᠷᠢ ᠶᠢᠨ ᠳᠠᠰᠤᠭ ᠲᠤ ᠣᠷᠣᠵᠤ᠂ ᠲᠥᠷᠥᠯ ᠵᠦᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠰᠢᠢᠳᠪᠦᠷᠢᠯᠡᠬᠦ ᠲᠥᠰᠦᠯ ᠢ ᠳᠤᠷᠠᠳᠴᠠᠶ᠃      ᠺᠠᠩ ᠶᠦᠩ ᠴᠢᠶᠠᠩ ᠱᠠᠭᠠᠷᠳᠠᠭᠰᠠᠨ ᠨᠢ᠂ ᠨᠢᠭᠡ ᠳᠤ᠂ ᠲᠥᠷᠥᠯ ᠵᠦᠢᠯ ᠤᠨ ᠠᠵᠢᠯᠯᠠᠭᠠᠨ ᠢ ᠡᠮᠬᠢ ᠵᠢᠷᠤᠮ ᠲᠠᠢ ᠶᠠᠪᠤᠭᠳᠠᠭᠤᠯᠵᠤ᠂ ᠣᠳᠣᠬᠢ ᠪᠠᠶᠢᠳᠠᠯ ᠢ ᠪᠣᠳᠣᠯᠬᠢᠯᠠᠬᠤ ᠶᠢᠨ ᠬᠠᠮᠲᠤ ᠢᠷᠡᠭᠡᠳᠦᠶ ᠶᠢᠨ ᠬᠥᠭᠵᠢᠯᠲᠡ ᠶᠢ ᠪᠣᠳᠣᠯᠬᠢᠯᠠᠬᠤ ᠬᠡᠷᠡᠭᠲᠡᠶ᠃ ᠬᠤᠶᠠᠷ ᠲᠤ ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠯᠤᠭ᠎ᠠ ᠨᠡᠪᠲᠡᠷᠡᠯᠴᠡᠵᠦ ᠵᠣᠯᠭᠠᠭᠤᠯᠬᠤ ᠶᠢ ᠴᠢᠩᠭᠠᠳᠬᠠᠵᠤ ᠂ ᠦᠢᠯᠡᠴᠢᠯᠡᠭᠡ ᠪᠠᠨ ᠴᠢᠩᠭᠠᠷᠠᠭᠤᠯᠤᠨ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠤᠨ ᠠᠵᠢᠯᠯᠠᠭᠤᠯᠬᠤ ᠪᠠᠷ ᠴᠢᠷᠮᠠᠶᠢᠬᠤ ᠬᠡᠷᠡᠭᠲᠡᠶ᠃ ᠭᠤᠷᠪᠠ ᠳᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠡᠷᠴᠢᠮ ᠢ ᠰᠠᠶᠢᠲᠤᠷ ᠠᠳᠬᠤᠬᠤ ᠬᠡᠷᠡᠭᠲᠡᠶ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号