ᠶᠦᠨ ᠬᠠᠢ ᠦᠴᠤᠸᠠᠨ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-11-12
     11 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠦᠴᠤᠸᠠᠨ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯ ᠥᠷᠨᠢᠭᠦᠯᠦᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠬᠡᠷᠬᠢᠨ ᠨᠠᠩ ᠰᠠᠶᠢᠨ ᠦᠢᠯᠡᠴᠢᠯᠡᠬᠦ ᠲᠤᠬᠠᠶ ᠶᠠᠷᠢᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠫᠧᠩ ᠱᠤᠤ ᠴᠥᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠠᠲᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠵᠢᠶᠧ ᠭᠤᠸᠠᠩ ᠪᠠᠷ᠎ᠠ ᠪᠣᠯᠪᠠ᠃      ᠶᠦᠨ ᠬᠠᠶ ᠨᠠᠷ ᠤᠷᠢᠳ ᠬᠤᠵᠢᠳ ᠶᠠᠨ ᠬᠥ᠋ ᠹᠠᠩ ᠪᠦᠯᠦᠭᠯᠡᠯ᠂ ᠮᠧᠩ ᠭᠧ ᠯᠠᠶ ᠢᠳᠡᠭᠡᠨ᠂ ᠴᠤᠸᠠᠨ ᠪᠦᠦ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠦᠢᠯᠡᠳᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠵᠢᠴᠢ ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠪᠠᠶᠢᠳᠠᠯ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃      ᠰᠠᠭᠤᠳᠠᠯ ᠤᠨ ᠬᠤᠷᠠᠯ ᠳᠡᠭᠡᠷ᠎ᠡ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠯᠲᠠᠨ ᠭᠤᠷᠪᠠᠯᠵᠢᠨ ᠬᠤᠶᠢᠭ ᠬᠦᠷᠢᠶᠡᠯᠡᠩ ᠲᠣᠭᠤᠷᠢᠭ ᠲᠣᠰ ᠲᠣᠰ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠵᠤ᠂ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠠᠩ ᠰᠠᠶᠢᠲᠤᠷ ᠦᠢᠯᠡᠴᠢᠯᠡᠬᠦ ᠲᠤᠬᠠᠶ ᠣᠪᠤᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠶᠦᠨ ᠬᠠᠢ ᠴᠢᠬᠤᠯᠠᠴᠢᠯᠠᠭᠰᠠᠨ ᠨᠢ᠂ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠢᠳᠬᠠᠯ  ᠰᠠᠨᠠᠭᠤᠯᠭ᠎ᠠ ᠰᠤᠨᠤᠰᠴᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠯᠲᠠᠨ ᠭᠤᠷᠪᠠᠯᠵᠢᠨ ᠬᠤᠶᠢᠭ ᠬᠦᠷᠢᠶᠡᠯᠡᠩ ᠲᠣᠭᠤᠷᠢᠭ ᠤᠨ ᠬᠢᠨ ᠲᠤᠰᠬᠠᠶ ᠬᠥᠮᠦᠨ ᠰᠤᠩᠭᠤᠵᠤ ᠳᠤᠭᠤᠶᠢᠯᠠᠩ ᠬᠤᠪᠢᠶᠠᠨ ᠠᠶᠢᠯᠠᠴᠢᠯᠠᠨ ᠬᠦᠷᠴᠦ ᠰᠠᠨᠠᠯ ᠬᠤᠷᠢᠶᠠᠵᠤ᠂ ᠪᠠᠶᠢᠴᠠᠭᠠᠨ ᠰᠤᠳᠤᠯᠤᠯᠲᠠ ᠥᠷᠨᠢᠭᠦᠯᠬᠦ ᠬᠡᠷᠡᠭᠲᠡᠶ᠃ ᠠᠵᠤ ᠠᠬᠤᠶᠢᠯᠠᠯ ᠤᠨ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ᠂ ᠭᠤᠮᠣᠳᠠᠯ ᠬᠡᠷᠡᠭᠴᠡᠭᠡ ᠱᠠᠭᠠᠷᠳᠠᠯᠭ᠎ᠠ ᠶᠢ ᠲᠥᠷᠥᠯ ᠬᠤᠪᠢᠶᠠᠨ ᠡᠮᠬᠢᠯᠡᠨ ᠬᠤᠷᠢᠶᠠᠩᠭᠤᠶᠢᠯᠠᠵᠤ᠂ ᠠᠰᠠᠭᠤᠳᠠᠯ ᠤᠨ ᠨᠠᠷᠢᠨ ᠬᠠᠭᠤᠳᠠᠰᠤ ᠶᠢ ᠪᠤᠢ ᠪᠣᠯᠭᠠᠵᠤ᠂ ᠣᠶᠢᠷ᠎ᠠ ᠶᠢᠨ ᠬᠤᠭᠤᠴᠠᠭᠠᠨ ᠳᠤ ᠵᠠᠰᠠᠭ ᠠᠵᠤ ᠠᠬᠤᠶᠢᠯᠠᠯ ᠢ ᠵᠣᠯᠭᠠᠭᠤᠯᠬᠤ ᠬᠤᠷᠠᠯ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠬᠤᠷᠠᠯᠳᠤᠭᠤᠯᠬᠤ ᠳᠤ ᠰᠠᠶᠢᠲᠤᠷ ᠪᠡᠯᠡᠳᠬᠡᠯ ᠬᠢᠨ᠎ᠡ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠮᠥᠩᠭᠦᠨ ᠭᠦᠶ᠋ᠯᠭᠡᠭᠡᠨ ᠤ ᠨᠢᠭᠡᠴᠡ ᠨᠦᠭᠦᠳ ᠠᠮᠢ ᠠᠬᠤᠶ ᠪᠠᠷ ᠰᠢᠶᠠᠨ ᠢ ᠪᠠᠶᠢᠭᠤᠯᠬᠤ᠂ ᠪᠣᠬᠢᠷᠲᠤᠯ ᠦᠭᠡᠢ ᠪᠠᠷ ᠰᠢᠶᠠᠨ ᠢ ᠬᠦᠴᠦᠷᠬᠡᠭᠵᠢᠭᠦᠯᠬᠦ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠲᠠᠢ ᠬᠠᠷᠢᠴᠠᠭᠤᠯᠤᠨ᠂ ᠰᠢᠢᠳᠪᠦᠷᠢᠯᠡᠬᠦ ᠲᠥᠰᠦᠯ ᠢ ᠰᠠᠶᠢᠲᠤᠷ ᠲᠣᠭᠲᠠᠭᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠦᠴᠤᠸᠠᠨ ᠤ ᠵᠠᠯᠭᠠᠮᠵᠢ ᠠᠵᠤ ᠦᠢᠯᠡᠰ ᠢ ᠲᠡᠳᠬᠦᠨ ᠪᠤᠶᠢᠵᠢᠭᠤᠯᠬᠤ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠶ ᠭᠡᠪᠡ᠃      ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠧᠩ ᠹᠠ ᠺᠣᠮᠫᠠᠨᠢ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠠᠯᠲᠠᠨ ᠭᠤᠷᠪᠠᠯᠵᠢᠨ ᠬᠤᠶᠢᠭ ᠬᠦᠷᠢᠶᠡᠯᠡᠩ ᠲᠣᠭᠤᠷᠢᠭ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠴᠢᠶᠣᠤ ᠡᠵᠢ᠂ ᠰᠢ ᠪᠧᠢ ᠯᠢᠶᠠᠨ ᠴᠤᠸᠠᠩ᠂ ᠴᠤᠸᠠᠨ ᠪᠦᠦ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠶᠠᠨ ᠬᠥ᠋ ᠹᠠᠩ᠂ ᠱᠣ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠢ ᠪᠧᠢ ᠬᠤᠢ ᠲᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠲᠠᠯ᠎ᠠ ᠨᠤᠲᠤᠭ ᠤᠨ ᠬᠠᠷ᠎ᠠ ᠶᠠᠰᠤᠲᠤ ᠬᠤᠨᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠢ ᠰᠢᠨ ᠶᠤᠸᠠᠨ ᠮᠢᠬᠠᠨ ᠤ ᠦᠢᠯᠡᠰ᠂ ᠮᠧᠩ ᠭᠧ ᠯᠠᠢ ᠢᠳᠡᠭᠡᠨ᠂ ᠷᠠᠰᠢᠶᠠᠨ ᠡᠮ ᠤᠨ ᠦᠢᠯᠡᠰ᠂ ᠶᠠᠩ ᠶᠤᠸᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠰᠠᠨ ᠽᠢ ᠡᠮ ᠤᠨ ᠦᠢᠯᠡᠰ᠂ ᠰᠠᠨ ᠽᠢ ᠡᠮ ᠤᠨ ᠦᠢᠯᠡᠰ᠂ ᠬᠤᠸᠠ ᠭᠤᠸᠠᠨ ᠢᠳᠡᠭᠡᠨ᠂ ᠶᠠᠨ ᠶᠠᠩ ᠶᠤᠸᠠᠨ᠂ ᠮᠧᠩ ᠴᠢ ᠡᠮ ᠤᠨ ᠦᠢᠯᠡᠰ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号