ᠶᠢᠨ ᠴᠦᠨ ᠯᠢᠶᠠᠩ ᠠᠷᠠᠳ ᠤᠨ ᠠᠮᠢᠳᠤᠷᠠᠯ ᠤᠨ ᠬᠠᠯᠠᠮᠰᠢᠯ ᠠᠵᠢᠯ ᠳᠤ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2019-11-12
     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ 10 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠤᠷᠢᠳ ᠬᠤᠵᠢᠳ ᠦᠴᠤᠸᠠᠨ ᠰᠢᠶᠠᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠴᠡᠪᠡᠷᠯᠡᠨ ᠴᠡᠭᠴᠡᠯᠡᠬᠦ ᠠᠵᠢᠯ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠲᠤᠬᠠᠶᠢᠯᠠᠭᠰᠠᠨ ᠠᠵᠢᠯ  ᠭᠦᠢᠴᠡᠳᠭᠡᠬᠦ ᠠᠵᠢᠯ᠂ ᠰᠢᠨ᠎ᠡ ᠬᠠᠭᠤᠴᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠡᠭᠦᠯᠭᠡᠬᠦ ᠪᠡᠯᠡᠳᠬᠡᠯ ᠠᠵᠢᠯ ᠵᠡᠷᠭᠡ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠪᠠᠶᠢᠴᠠᠭᠠᠨ ᠰᠣᠳᠤᠯᠤᠯᠲᠠ ᠬᠢᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠪᠠ᠃       ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠴᠢᠳᠠᠪᠤᠷᠢᠲᠠᠨ ᠤ ᠡᠩᠨᠡᠭᠡ ᠶᠢᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠠᠰᠠᠭᠤᠳᠠᠯ ᠢ ᠬᠦᠴᠦᠯᠡᠨ ᠰᠠᠶᠢᠲᠤᠷ ᠰᠢᠳᠪᠦᠷᠢᠯᠡᠵᠤ᠂ ᠣᠯᠠᠨ ᠲᠦᠮᠡᠨ ᠤ ᠳᠡᠷᠭᠡᠳᠡᠬᠢ ᠰᠡᠳᠬᠢᠯ ᠵᠣᠪᠠᠵᠤ ᠪᠠᠶᠢᠭ᠎ᠠ ᠶᠠᠪᠤᠳᠠᠯ᠂ ᠰᠡᠳᠬᠢᠯ ᠰᠢᠨᠠᠯᠭᠠᠵᠤ ᠪᠠᠶᠢᠭ᠎ᠠ ᠶᠠᠪᠤᠳᠠᠯ ᠢ ᠰᠠᠶᠢᠲᠤᠷ ᠰᠢᠳᠪᠦᠷᠢᠯᠡᠵᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠬᠡᠷᠡᠭᠲᠡᠶ ᠭᠡᠪᠡ᠃      ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠷᠧᠨ ᠶᠠᠨ ᠰᠢᠶᠠᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢ ᠶᠢᠩ ᠴᠦᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号