| | | | | 11 ᠳ᠋ᠦ᠋ᠭᠡᠷ ᠰᠠᠷ᠎ᠠ ᠶᠢᠨ 7 ᠤ ᠡᠳᠦᠷ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠤᠷᠭᠠᠨ ᠤ ᠨᠢᠭᠡᠳᠦᠭᠡᠷ ᠲᠡᠰ ᠤᠨ ᠲᠣᠭᠤᠷᠢᠨ ᠪᠠᠶᠢᠴᠠᠭᠠᠭᠴᠢ | ᠬᠤᠸᠠᠩ ᠾᠧ ᠲᠤ ᠨᠡᠷ ᠠᠴᠠ ᠳᠤᠭᠤᠶᠢᠯᠠᠩ ᠳᠠᠭᠠᠭᠤᠯᠤᠨ ᠪᠦᠷᠢᠯᠳᠦᠭᠰᠡᠨ ᠲᠥᠪ ᠤᠨ ᠰᠢᠮᠳᠠᠭᠤᠯᠣᠨ ᠪᠠᠶᠢᠴᠠᠭᠠᠬᠤ | ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠵᠦ ᠬᠥᠳᠡᠭᠡ ᠲᠣᠰᠬᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠤᠬᠠᠶ ᠶᠢᠨ ᠭᠠᠵᠠᠷ ᠲᠤᠨᠢ ᠰᠢᠮᠳᠠᠭᠤᠯᠣᠨ ᠪᠠᠶᠢᠴᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ | ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ | ᠳᠠᠷᠤᠭ᠎ᠠ ᠬᠤᠤ ᠶᠢᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠠᠷᠤᠭ᠎ᠠ | ᠬᠤᠸᠠᠩ ᠵᠢᠶ ᠭᠠᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ᠂ | ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠵᠢᠴᠢ ᠲᠣᠭᠤᠷᠢᠭ᠂ ᠬᠤᠲᠠ᠂ ᠰᠢᠶᠠᠨ ᠤ ᠬᠠᠮᠢᠶ᠎ᠠ ᠪᠦᠬᠦᠢ | ᠨᠢᠭᠡᠴᠡ ᠶᠢᠨ ᠬᠠᠷᠢᠭᠤᠴᠠᠯᠭᠠᠲᠠᠳ ᠪᠠᠷ᠎ᠠ ᠪᠣᠯᠵᠤ ᠰᠢᠮᠳᠠᠭᠤᠯᠤᠨ ᠪᠠᠶᠢᠴᠠᠭᠠᠪᠠ᠃ | ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠶᠡᠭᠡ ᠤᠯᠠᠭᠠᠨᠬᠤᠲᠠ ᠰᠢᠶᠠᠩ ᠤᠨ ᠮᠢᠶᠣᠣ ᠭᠧᠦ ᠵᠠᠰᠠᠭ | ᠵᠠᠬᠢᠷᠭᠠᠨ ᠤ ᠲᠣᠰᠬᠤᠨ᠂ ᠰᠠᠨ ᡁᠢ ᠱᠣ᠋ ᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠵᠦ᠂ ᠬᠠᠷᠢᠭᠤ | ᠮᠡᠳᠡᠭᠦᠯᠦᠯᠲᠡ ᠶᠢ ᠰᠣᠨᠣᠰᠬᠤ᠂ ᠠᠵᠢᠯ ᠤᠨ ᠲᠥᠰᠦᠯ᠂ ᠬᠠᠮᠲᠤ ᠶᠢᠨ ᠡᠳ᠋ ᠬᠥᠷᠥᠩᠭᠡ ᠶᠢᠨ ᠡᠬᠡ ᠳᠠᠩᠰᠠ ᠶᠢ | ᠰᠢᠯᠵᠢᠭᠦᠯᠦᠨ ᠦᠵᠡᠬᠦ᠂ ᠬᠤᠪᠢ ᠤᠷᠤᠭᠰᠠᠨ ᠲᠣᠰᠬᠤᠨ ᠤ ᠠᠷᠠᠳ ᠲᠠᠢ ᠭᠦᠨᠵᠡᠭᠡᠶ ᠨᠠᠷᠢᠨ ᠨᠢᠭᠲᠠ ᠰᠣᠯᠢᠯᠴᠠᠭ᠎ᠠ | ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠬᠤᠶᠠᠷ ᠲᠣᠰᠬᠤᠨ ᠤ ᠬᠠᠮᠲᠤ ᠶᠢᠨ ᠥᠭᠡᠷᠡᠴᠢᠯᠡᠯᠲᠡ ᠶᠢᠨ ᠠᠵᠢᠯ ᠤᠨ | ᠲᠣᠭᠲᠠᠴᠠ ᠶᠢ ᠪᠠᠶᠢᠭᠤᠯᠬᠤ᠂ ᠥᠭᠡᠷᠡᠴᠢᠯᠡᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ᠂ ᠥᠭᠡᠷᠡᠴᠢᠯᠡᠯᠲᠡ ᠶᠢᠨ | ᠲᠤᠷᠰᠢᠯᠲᠠ ᠶᠢ ᠠᠬᠢᠭᠤᠯᠬᠤ ᠵᠢᠴᠢ ᠡᠳ᠋ ᠬᠥᠷᠥᠩᠭᠡ ᠶᠢ ᠢᠯᠭᠠᠷᠠᠭᠤᠯᠣᠨ ᠪᠡᠯᠡ ᠮᠥᠩᠭᠦ ᠶᠢ ᠬᠠᠷᠭᠤᠭᠤᠯᠬᠤ ᠠᠵᠢᠯ | ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠮᠠᠨ ᠤ ᠰᠢᠶᠠᠨ ᠤ | ᠬᠥᠳᠡᠭᠡ ᠲᠣᠰᠬᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ | ᠲᠦᠯᠬᠢᠨ ᠠᠬᠢᠭᠤᠯᠬᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠬᠤᠷᠢᠨᠭᠡᠷ ᠰᠢᠶᠠᠨ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠵᠠᠩᠭᠢᠯᠠᠭ᠎ᠠ ᠶᠢ ᠠᠳᠬᠤᠨ᠂ | ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠶᠠᠪᠤᠭᠳᠠᠭᠤᠰᠢᠲᠠᠶ ᠠᠷᠭ᠎ᠠ ᠪᠠ ᠠᠯᠬᠤᠮ ᠳᠠᠷᠠᠭ᠎ᠠ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢ ᠬᠦᠰᠡᠵᠦ | ᠪᠠᠶᠢᠨ᠎ᠠ ᠭᠡᠪᠡ᠃ | ᠴᠧᠨ ᠯᠢ ᠶᠢᠨ ᠬᠥᠳᠡᠭᠡ ᠲᠣᠰᠬᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠠᠷᠢᠭᠤ ᠮᠡᠳᠡᠭᠦᠯᠦᠯᠲᠡ ᠳᠡᠭᠡᠨ | ᠳᠣᠷᠠᠳᠣᠭᠰᠠᠨ ᠨᠢ᠂ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ | ᠥᠷᠨᠢᠭᠦᠯᠦᠭᠰᠡᠨ ᠠᠴᠠ ᠨᠠᠰᠢ᠂ ᠬᠤᠷᠢᠨᠭᠡᠷ ᠰᠢᠶᠠᠨ ︽ᠬᠠᠷᠢᠶᠠᠯᠠᠯ ᠨᠢ ᠲᠣᠳᠣᠷᠬᠠᠶ᠂ ᠡᠷᠬᠡ ᠴᠢᠳᠠᠮᠵᠢ ᠨᠢ ᠪᠦᠷᠢᠨ | ᠪᠦᠲᠦᠨ᠂ ᠡᠷᠭᠢᠯᠲᠡ ᠨᠢ ᠰᠢᠯᠣᠭᠤᠨ᠂ ᠬᠠᠮᠠᠭᠠᠯᠠᠯᠲᠠ ᠨᠢ ᠴᠢᠩᠭ᠎ᠠ︾ ᠪᠠᠶᠢᠬᠤ ᠬᠠᠷᠠᠯᠲᠠ ᠶᠢᠨ ᠲᠣᠭᠤᠷᠢᠨ ᠳᠤ᠂ | ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠠᠳᠬᠤᠵᠤ᠂ ᠴᠠᠭ ᠲᠤᠬᠠᠶ ᠳᠤᠨᠢ | ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ ᠲᠤᠬᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠲᠥᠰᠦᠯ | ᠪᠠ ᠵᠢᠯᠣᠭᠤᠳᠬᠤ ᠰᠠᠨᠠᠯ ᠢ ᠲᠣᠭᠲᠠᠭᠠᠨ᠂ 150 ᠵᠠᠰᠠᠭ ᠵᠠᠬᠢᠷᠭᠠᠨ ᠤ ᠲᠣᠰᠬᠤᠨ 2018 ᠣᠨ ᠤ10 ᠳ᠋ᠤᠭᠠᠷ | ᠰᠠᠷ᠎ᠠ ᠠᠴᠠ ᠡᠬᠢᠯᠡᠨ ᠠᠯᠬᠤᠮ ᠳᠠᠷᠠᠭ᠎ᠠ ᠲᠠᠢ ᠪᠠᠷ ᠲᠦᠯᠬᠢᠨ ᠠᠬᠢᠭᠤᠯᠵᠤ᠂ ᠨᠢᠭᠡ ᠵᠢᠯ ᠭᠠᠷᠤᠶ ᠶᠢᠨ ᠠᠵᠢᠯ ᠢᠶᠠᠷ | ᠳᠠᠮᠵᠢᠨ᠂ ᠪᠦᠬᠦ ᠰᠢᠶᠠᠨ ᠤ 148 ᠵᠠᠰᠠᠭ ᠵᠠᠬᠢᠷᠭᠠᠨ ᠤ ᠲᠣᠰᠬᠤᠨ ᠬᠤᠪᠢ ᠣᠷᠣᠭᠤᠯᠤᠭᠰᠠᠨ ᠠᠵᠤ ᠠᠬᠤᠢ ᠶᠢᠨ | ᠬᠤᠷᠰᠢᠶᠠᠵᠢᠯ ᠪᠠᠶᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠪᠥᠭᠡᠳ ᠵᠣᠬᠢᠬᠤ ᠦᠷ᠎ᠡ ᠪᠦᠲᠦᠮᠵᠢ | ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠲᠣᠰ ᠤᠳᠠᠭᠠᠨ ᠤ ᠰᠢᠮᠳᠠᠭᠤᠯᠣᠨ | ᠪᠠᠶᠢᠴᠠᠭᠠᠬᠤ ᠲᠣᠬᠢᠶᠠᠯ ᠢ ᠠᠰᠢᠭᠯᠠᠨ᠂ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠯᠬᠤᠮ | ᠳᠠᠷᠠᠭ᠎ᠠ ᠪᠠ ᠵᠢᠷᠤᠮ ᠤᠨ ᠲᠣᠭᠤᠷᠢᠨ ᠳᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠭᠡᠷ ᠵᠢᠴᠢ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠱᠠᠭᠠᠷᠳᠠᠯᠭ᠎ᠠ ᠶᠣᠰᠣᠭᠠᠷ᠂ ᠳᠠᠩᠰᠠ ᠡᠪᠬᠡᠮᠡᠯ ᠢ ᠬᠢᠨᠠᠮᠠᠭᠠᠶ ᠵᠣᠬᠢᠶᠠᠨ | ᠪᠠᠶᠢᠭᠤᠯᠵᠤ ᠵᠢᠷᠤᠮᠵᠢᠭᠤᠯᠤᠨ᠂ ᠲᠡᠤᠬᠡ ᠶᠢᠨ ᠰᠢᠯᠭᠠᠯᠲᠠ ᠪᠠ ᠬᠡᠷᠡᠭᠯᠡᠯᠲᠡ ᠶᠢ ᠳᠠᠭᠠᠭᠠᠵᠤ ᠳᠡᠶᠢᠯᠬᠦ ᠨᠢᠭᠡᠨ ᠢᠵᠢ | ᠡᠯᠧᠺᠲᠷᠣᠨ ᠳᠠᠩᠰᠠ ᠡᠪᠬᠡᠮᠡᠯ ᠪᠠ ᠴᠠᠭᠠᠰᠤᠨ ᠳᠠᠩᠰᠠ ᠡᠪᠬᠡᠮᠡᠯ ᠢ ᠪᠣᠶ ᠪᠣᠯᠭᠠᠵᠤ᠂ ᠥᠮᠴᠢᠯᠡᠬᠦ ᠡᠷᠬᠡ ᠶᠢᠨ | ᠠᠷᠠᠯᠵᠢᠶᠠᠨ ᠤ ᠲᠠᠪᠴᠠᠩ ᠢ ᠲᠦᠷᠭᠡᠬᠡᠨ ᠪᠠᠶᠢᠭᠤᠯᠤᠨ ᠲᠡᠭᠦᠯᠳᠡᠷᠵᠢᠭᠦᠯᠦᠨ᠎ᠡ︔ ᠦᠨᠡᠮᠯᠡᠯ ᠣᠯᠭᠤᠬᠤ ᠨᠥᠬᠦᠴᠡᠯ ᠢ | ᠨᠢᠭᠡᠨᠲᠡ ᠪᠦᠷᠢᠯᠳᠦᠭᠦᠯᠦᠭᠰᠡᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠴᠢᠭᠯᠡᠭᠦᠯᠦᠨ᠂ | ᠠᠵᠢᠯᠲᠠᠨ ᠨᠡᠮᠡᠵᠦ᠂ ᠴᠠᠭ ᠢ ᠠᠮᠵᠢᠨ ᠦᠨᠡᠮᠯᠡᠯ ᠳᠠᠷᠤᠮᠠᠯᠯᠠᠨ᠂ ᠬᠤᠪᠢ ᠣᠷᠣᠭᠤᠯᠤᠭᠰᠠᠨ ᠠᠵᠤ ᠠᠬᠤᠢ ᠶᠢᠨ | ᠬᠤᠷᠰᠢᠶᠠᠵᠢᠯ ᠪᠠᠶᠢᠭᠤᠯᠤᠭᠠᠳᠤᠶ ᠬᠤᠶᠠᠷ ᠲᠣᠰᠬᠤᠨ ᠤ ᠰᠣᠩᠭᠤᠭᠤᠯᠢ ᠳᠠᠭᠤᠰᠤᠭ᠎ᠠ ᠦᠭᠡᠢ ᠵᠠᠰᠠᠭ ᠵᠠᠬᠢᠷᠭᠠᠨ ᠤ | ᠲᠣᠰᠬᠤᠨ ᠨᠢ ᠰᠢᠶᠠᠩ ᠤᠨ ᠵᠠᠰᠠᠭ ᠤᠨ ᠣᠷᠳᠣᠨ ᠳᠤ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠢ | ᠲᠡᠭᠦᠯᠳᠡᠷᠵᠢᠭᠦᠯᠵᠦ᠂ ᠲᠣᠰᠬᠤᠨ ᠤ ᠨᠠᠮ ᠤᠨ ᠡᠭᠦᠷ ᠤᠨ ᠤᠳᠤᠷᠢᠳᠤᠯᠭ᠎ᠠ ᠳᠣᠤᠷ᠎ᠠ᠂ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢ ᠴᠠᠭ ᠲᠤᠬᠠᠶ ᠳᠤᠨᠢ ᠪᠠᠶᠢᠭᠤᠯᠵᠤ᠂ ᠬᠡᠷᠡᠭ ᠡᠷᠬᠢᠯᠡᠭᠴᠢᠳ ᠤᠨ ᠵᠥᠪᠯᠡᠯ᠂ ᠬᠢᠨᠠᠯᠲᠠ | ᠲᠠᠯᠪᠢᠬᠤ ᠵᠥᠪᠯᠡᠯ ᠢ ᠰᠣᠩᠭᠤᠭᠤᠯᠢ ᠪᠠᠷ ᠭᠠᠷᠭᠠᠵᠤ᠂ ᠬᠤᠪᠢ ᠣᠷᠣᠭᠤᠯᠤᠭᠰᠠᠨ ᠠᠵᠤ ᠠᠬᠤᠢ ᠶᠢᠨ | ᠬᠤᠷᠰᠢᠶᠠᠵᠢᠯ ᠤᠨ ᠳᠦᠷᠢᠮ ᠢ ᠲᠣᠭᠲᠠᠭᠠᠨ᠂ ᠦᠨᠡᠮᠯᠡᠯ ᠣᠯᠭᠤᠨ ᠫᠠᠶᠢᠰᠠ ᠡᠯᠭᠦᠬᠦ ᠶᠢ ᠪᠡᠶᠡᠯᠡᠭᠦᠯᠬᠦ ᠶᠢᠨ ᠬᠠᠮᠲᠤ | ᠲᠤᠰᠬᠠᠶ ᠠᠵᠢᠯ ᠤᠨ ᠬᠤᠷᠰᠢᠶᠠᠵᠢᠯ ᠠᠴᠠ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶᠠᠵᠢᠯ | ᠲᠡᠰᠢ ᠰᠢᠯᠵᠢᠭᠦᠯᠦᠨ ᠰᠣᠯᠢᠬᠤ ᠭᠠᠷ ᠭᠦᠢᠴᠡᠳᠬᠡᠯ ᠢ ᠲᠦᠷᠭᠡᠨ ᠬᠢᠵᠦ᠂ 11 ᠳ᠋ᠦ᠋ᠭᠡᠷ ᠰᠠᠷ᠎ᠠ ᠶᠢᠨ ᠰᠡᠭᠦᠯᠴᠢ ᠪᠠᠷ | ᠪᠦᠬᠦᠨ ᠢ ᠪᠡᠶᠡᠯᠡᠭᠦᠯᠦᠨ᠎ᠡ︔ ᠡᠯ᠎ᠡ ᠲᠣᠰᠬᠤᠨ ᠤ ᠮᠥᠷᠳᠡᠨ ᠦᠢᠯᠡᠴᠢᠯᠡᠬᠦ ᠪᠠ ᠵᠢᠯᠣᠭᠤᠳᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠪᠠᠩᠬᠢ ᠶᠢᠨ ᠳᠠᠩᠰᠨ ᠪᠠᠶᠢᠭᠤᠯᠬᠤ ᠵᠡᠷᠭᠡ ᠬᠤᠯᠪᠣᠭᠳᠠᠯ ᠪᠦᠬᠦᠢ ᠭᠠᠷ | ᠭᠦᠢᠴᠡᠳᠬᠡᠯ ᠢ ᠬᠠᠮᠵᠢᠨ ᠭᠦᠢᠴᠡᠳᠬᠡᠵᠦ ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠡᠳ᠋ ᠤᠨ ᠶᠠᠪᠣᠳᠠᠯ ᠤᠨ ᠬᠠᠮᠢᠶᠠᠷᠣᠯᠲᠠ ᠶᠢᠨ ᠳᠦᠷᠢᠮ ᠢ ᠵᠢᠯᠣᠭᠤᠳᠤᠨ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ | ᠪᠣᠯᠪᠠᠰᠤᠷᠠᠭᠤᠯᠤᠯ ᠢ ᠥᠷᠨᠢᠭᠦᠯᠦᠨ᠂ ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠬᠡᠪ ᠤᠨ ᠠᠵᠢᠯᠯᠠᠭ᠎ᠠ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠬᠥᠳᠡᠭᠡ | ᠲᠣᠰᠬᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠨ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠪᠤᠶᠢᠵᠢᠭᠤᠯᠵᠤ᠂ ᠥᠷᠭᠡᠨ ᠣᠯᠠᠨ ᠲᠦᠮᠡᠨ ᠳᠤ ᠥᠭᠡᠷᠡᠴᠢᠯᠡᠯᠲᠡ ᠶᠢᠨ ᠠᠰᠢᠭ ᠢ ᠦᠨᠡᠨ ᠬᠦ ᠬᠦᠷᠲᠡᠭᠡᠬᠦ ᠬᠡᠷᠡᠭᠲᠡᠶ | ᠭᠡᠪᠡ᠃ |