ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ | ᠰᠤᠷᠪᠤᠯᠵᠢᠯᠠᠬᠴᠢ ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠠᠴᠠ ᠤᠢᠢᠯᠠᠭᠠᠬᠰᠠᠨ ᠢᠶᠠᠷ᠂ ᠲᠦᠷᠦᠬᠦᠭᠡᠨ᠂ | ᠬᠦᠬᠡᠬᠤᠳᠠ ᠶᠢᠨ ᠬᠢᠨ 2019 ᠤᠨ ᠤ ︽ᠬᠠᠮᠤᠭ ᠤᠨ ᠭᠤᠶᠤ ᠭᠡᠷ ᠪᠦᠯᠢ︾ ᠶᠢ ᠰᠢᠯᠭᠠᠷᠠᠭᠤᠯᠵᠤ᠂ ᠸᠧᠢ ᠰᠢᠩ | ᠯᠢᠶᠠᠨ ᠤ ᠬᠢᠨ ᠵᠡᠷᠭᠡ 15 ᠭᠡᠷ ᠪᠦᠯᠢ ᠶᠢᠨ ᠬᠢᠨ 2019 ᠤᠨ ᠤ ︽ᠬᠠᠮᠤᠭ ᠤᠨ ᠭᠤᠶᠤ ᠭᠡᠷ ᠪᠦᠯᠢ︾ ᠶᠢᠨ | ᠲᠠᠭᠤᠷᠢᠶᠠᠯ ᠡᠷᠦᠭᠡ ᠪᠠᠷ ᠨᠡᠷᠡᠶᠢᠳᠦᠭᠳᠡᠵᠤ᠂ ᠸᠠᠩ ᠰᠢᠶᠣᠣ ᠶᠤᠸᠠᠨ ᠤ ᠬᠢᠨ ᠵᠡᠷᠭᠡ 100 ᠭᠡᠷ ᠪᠦᠯᠢ ᠶᠢᠨ ᠬᠢᠨ | 2019 ᠣᠨ ᠤ ︽ᠬᠠᠮᠤᠭ ᠤᠨ ᠭᠤᠶᠣ ᠭᠡᠷ ᠪᠦᠯᠢ︾ ᠶᠢᠨ ᠢᠷᠠᠭᠤ ᠠᠯᠳᠠᠷ ᠢ ᠬᠦᠷᠳᠡᠪᠠ᠃ | 2018 ᠤᠨ ᠠᠴᠠ ᠨᠠᠭᠠᠰᠢ᠂ ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠶᠢᠨ ᠬᠢᠨ ᠪᠦᠬᠦ | ᠬᠤᠲᠠ ᠶᠢᠨ ᠬᠡᠪᠴᠢᠶᠡᠨ ᠳᠤ ︽ᠬᠠᠮᠤᠭ ᠤᠨ ᠭᠤᠶᠣ ᠭᠡᠷ ᠪᠦᠯᠢ︾ ᠶᠢ ᠡᠷᠢᠬᠦ ᠠᠵᠢᠯᠯᠠᠭ᠎ᠠ ᠦᠷᠨᠢᠬᠦᠯᠵᠦ᠂ ᠡᠯ᠎ᠡ | ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠳᠠ ᠤᠯᠠᠨ ᠬᠠᠷᠠᠭᠠᠰᠤ ᠠᠴᠠ ᠭᠡᠷ ᠪᠦᠯᠢ ᠶᠢᠨ | ᠨᠡᠶᠢᠲᠡᠯᠢᠭ ᠵᠢᠱᠢᠶᠡᠴᠢ ᠶᠢ ᠲᠤᠳᠤᠷᠠᠭᠤᠯᠵᠤ᠂ ᠲᠦᠭ ᠲᠦᠮᠡᠨ ᠭᠡᠷ ᠪᠦᠯᠢ ᠢᠳᠡᠪᠬᠢᠲᠡᠢ ᠣᠷᠣᠯᠴᠠᠵᠤ᠂ ᠭᠡᠷ | ᠪᠦᠯᠢ ᠶᠢᠨ ᠦᠯᠢᠭᠡᠷ ᠢᠶᠠᠨ ᠶᠠᠷᠢᠬᠤ᠂ ᠭᠡᠷ ᠪᠦᠯᠢ ᠶᠢᠨ ᠵᠣᠯ ᠵᠢᠷᠭᠠᠯ ᠢᠶᠠᠨ ᠬᠤᠪᠢᠶᠠᠯᠴᠠᠬᠤ ᠪᠠᠷ ᠲᠠᠮᠵᠢᠨ᠂ ᠨᠢᠭᠡ | ᠪᠦᠯᠦᠭ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠭᠰᠠᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠷᠬᠢᠮᠯᠡᠭᠰᠡᠨ᠂ ᠰᠢᠨᠵᠢᠯᠡᠬᠦ ᠤᠬᠠᠭᠠᠨᠴᠢ ᠪᠠᠷ ᠦᠷ᠎ᠡ ᠬᠡᠤᠬᠡᠳ ᠢᠶᠠᠨ ᠬᠦᠮᠦᠵᠢᠬᠦᠯᠦᠭᠰᠡᠨ᠂ | ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠳᠡᠢ ᠤᠷᠤᠯᠴᠠᠭᠰᠠᠨ ᠲᠠᠭᠤᠷᠢᠶᠠᠯ ᠡᠷᠦᠬᠡ ᠶᠢ ᠢᠯᠡᠷᠡᠭᠦᠯᠪᠡ᠃ | ᠡᠳᠡᠭᠡᠷ ᠭᠡᠷ ᠪᠦᠯᠢ ᠨᠢ ᠥᠪᠡᠷ ᠤᠨ ᠵᠢᠱᠢᠶᠡᠴᠢ ᠦᠢᠯᠡ ᠠᠵᠢᠯᠯᠠᠭ᠎ᠠ ᠪᠠᠷ ᠢᠶᠠᠨ ︽ᠬᠠᠮᠤᠭ ᠤᠨ ᠭᠤᠶᠤ ᠭᠡᠷ ᠪᠦᠯᠢ︾ | ᠶᠢᠨ ᠦᠯᠢᠭᠡᠷ ᠢ ᠪᠢᠴᠢᠭᠯᠡᠵᠤ᠂ ᠪᠦᠬᠦ ᠨᠡᠶᠢᠭᠡᠮ ᠤᠨ ᠭᠡᠷ ᠪᠦᠯᠢ ᠶᠢᠨ ᠪᠤᠯᠪᠠᠰᠤᠨ ᠰᠢᠨ᠎ᠡ ᠰᠤᠷᠳᠠᠯ ᠢ ᠪᠤᠢ | ᠪᠤᠯᠭᠠᠬᠤ ᠳᠤ ᠢᠳᠡᠪᠬᠢᠳᠡᠢ ᠦᠢᠯᠡᠳᠦᠯ ᠦᠵᠡᠬᠦᠯᠦᠭᠰᠡᠨ ᠪᠠᠶᠢᠨ᠎ᠠ᠃ |