ᠬᠦᠬᠡᠬᠤᠳᠠ 619 ᠡᠮᠡᠭᠳᠡᠢ ᠳᠤ ᠪᠤᠯᠪᠠᠰᠤᠷᠠᠯ ᠬᠦᠷᠳᠡᠭᠡᠨ ᠭᠠᠷ ᠤᠷᠠᠯᠠᠯ ᠢᠶᠠᠷ ᠣᠷᠣᠯᠭ᠎ᠠ ᠪᠠᠨ ᠨᠡᠮᠡᠭᠳᠡᠬᠦᠯᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2019-11-12
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ ᠡᠨᠡ ᠵᠢᠯ ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠶᠢᠨ ᠬᠢᠨ ︽ᠪᠦᠰᠡᠬᠦᠢ ᠠᠵᠢᠯᠯᠠᠭᠠᠨ ᠤ ᠲᠦᠯᠦᠪᠯᠡᠭᠡ︾ ᠶᠢ ᠭᠦᠨᠵᠡᠭᠡᠢ ᠬᠡᠷᠡᠭᠵᠢᠬᠦᠯᠵᠦ᠂ ᠡᠮᠡᠭᠳᠡᠶᠢᠴᠤᠳ ᠤᠨ ᠭᠠᠷ ᠤᠷᠠᠯᠠᠯ ᠤᠨ ᠲᠤᠬᠠᠢᠢᠯᠠᠬᠰᠠᠨ ᠠᠵᠢᠯ ᠮᠡᠷᠭᠡᠵᠢᠯ ᠤᠨ ᠪᠤᠯᠪᠠᠰᠤᠷᠠᠯ ᠤᠨ ᠠᠵᠢᠯᠯᠠᠭ᠎ᠠ ᠦᠷᠨᠢᠬᠦᠯᠵᠦ᠂ ᠡᠮᠡᠭᠳᠡᠶᠢᠴᠤᠳ ᠤᠨ ᠶᠡᠷᠦᠩᠭᠡᠶᠢᠯᠡᠭᠰᠡᠨ ᠬᠡᠪ ᠪᠤᠯᠪᠠᠰᠤᠷᠠᠯ ᠪᠠ ᠲᠤᠬᠠᠢᠢᠯᠠᠬᠰᠠᠨ ᠠᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠲᠡᠳᠡᠨᠡᠷ ᠤᠨ ᠣᠷᠣᠯᠭ᠎ᠠ ᠪᠠᠨ ᠨᠡᠮᠡᠭᠳᠡᠬᠦᠯᠬᠦ ᠳᠤ ᠲᠠᠮᠵᠢᠯᠭᠡ ᠦᠵᠡᠬᠦᠯᠪᠠ᠃ ᠤᠳᠤ ᠪᠣᠯᠲᠠᠯ᠎ᠠ᠂ ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠶᠢᠨ ᠬᠢᠨ 4 ᠬᠤᠭᠤᠴᠠᠭ᠎ᠠ ᠪᠤᠯᠪᠠᠰᠤᠷᠠᠯ ᠤᠨ ᠠᠩᠭᠢ ᠡᠷᠬᠢᠯᠡᠵᠦ᠂ 619 ᠡᠮᠡᠭᠳᠡᠢ ᠳᠤ ᠪᠤᠯᠪᠠᠰᠤᠷᠠᠯ ᠬᠦᠷᠳᠡᠭᠡᠵᠦ᠂ ᠭᠠᠷ ᠤᠷᠠᠯᠠᠯ ᠢᠶᠠᠷ ᠣᠷᠣᠯᠭ᠎ᠠ ᠪᠠᠨ ᠨᠡᠮᠡᠭᠳᠡᠬᠦᠯᠬᠦ ᠶᠢ ᠠᠬᠢᠭᠤᠯᠵᠤ ᠪᠤᠢ᠃      ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠶᠢᠨ ᠬᠢᠨ ᠡᠮᠡᠭᠳᠡᠶᠢᠴᠤᠳ ᠤᠨ ᠭᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ᠂ ᠡᠯ᠎ᠡ ᠬᠤᠰᠢᠭᠤ ᠰᠢᠶᠠᠨ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠭᠰᠡᠨ ᠰᠠᠭᠤᠷᠢᠨ ᠳᠡᠭᠡᠷ᠎ᠡ ᠪᠡᠭᠡᠵᠢᠩ ᠤᠨ ᠢ ᠸᠧᠨ ᠪᠦᠯᠦᠭᠯᠡᠯ᠂ ᠦᠪᠦᠷ ᠮᠤᠩᠭᠤᠯ ᠤᠨ ᠮᠸᠡᠭ ᠶᠤᠸᠠᠨ ᠺᠤᠮᠫᠠᠨᠢ ᠵᠡᠷᠭᠡ ᠠᠵᠤ ᠠᠬᠤᠢᠢᠯᠠᠯ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠵᠠᠬᠢᠶᠠᠯᠠᠭ᠎ᠠ ᠶᠢᠨ ᠬᠡᠯᠪᠡᠷᠢ ᠶᠢᠨ ᠪᠤᠯᠪᠠᠰᠤᠷᠠᠯ ᠡᠷᠬᠢᠯᠡᠵᠦ᠂ ᠭᠠᠷ ᠤᠷᠠᠯᠠᠯ ᠤᠨ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠭᠦ ᠶᠢᠨ ᠬᠠᠮᠳᠤ ᠪᠦᠳᠦᠭᠡᠭᠳᠡᠬᠦᠨ ᠢ ᠤᠷᠠᠯᠠᠨ ᠲᠦᠰᠦᠪᠯᠡᠬᠦ᠂ ᠵᠠᠬ᠎ᠠ ᠲᠡᠯᠭᠡᠭᠦᠷ ᠤᠨ ᠡᠵᠡᠩᠨᠡᠯᠳᠠ ᠪᠤᠷᠤᠯᠠᠭᠤᠯᠤᠯᠳᠠ ᠶᠢᠨ ᠬᠠᠮᠢᠶ᠎ᠠ ᠪᠦᠬᠦᠢ ᠠᠭᠤᠯᠭ᠎ᠠ ᠶᠢ ᠲᠠᠨᠢᠯᠴᠠᠭᠤᠯᠵᠤ᠂ ᠪᠤᠯᠪᠠᠰᠤᠷᠠᠯ ᠳᠤ ᠤᠷᠤᠯᠴᠠᠬᠰᠠᠳ ᠢ ᠰᠢᠯᠭᠠᠷᠠᠭᠤᠯᠵᠤ᠂ ᠬᠢᠷᠢ ᠲᠡᠩᠴᠡᠭᠰᠡᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠤᠯᠭᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号