ᠬᠦᠬᠡᠬᠤᠳᠠ 2019 ᠤᠨ ᠤ ︽ᠬᠠᠮᠤᠭ ᠤᠨ ᠭᠤᠶᠤ ᠭᠡᠷ ᠪᠦᠯᠢ︾ ᠶᠢ ᠰᠢᠯᠭᠠᠷᠠᠭᠤᠯᠪᠠ
ᠨᠡᠶᠢᠲᠡᠯᠡᠭᠰᠡᠨ ᠴᠠᠭ᠄
2019/11/12
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ ᠰᠤᠷᠪᠤᠯᠵᠢᠯᠠᠬᠴᠢ ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠠᠴᠠ ᠤᠢᠢᠯᠠᠭᠠᠬᠰᠠᠨ ᠢᠶᠠᠷ᠂ ᠲᠦᠷᠦᠬᠦᠭᠡᠨ᠂ ᠬᠦᠬᠡᠬᠤᠳᠠ ᠶᠢᠨ ᠬᠢᠨ 2019 ᠤᠨ ᠤ ︽ᠬᠠᠮᠤᠭ ᠤᠨ ᠭᠤᠶᠤ ᠭᠡᠷ ᠪᠦᠯᠢ︾ ᠶᠢ ᠰᠢᠯᠭᠠᠷᠠᠭᠤᠯᠵᠤ᠂ ᠸᠧᠢ ᠰᠢᠩ ᠯᠢᠶᠠᠨ ᠤ ᠬᠢᠨ ᠵᠡᠷᠭᠡ 15 ᠭᠡᠷ ᠪᠦᠯᠢ ᠶᠢᠨ ᠬᠢᠨ 2019 ᠤᠨ ᠤ ︽ᠬᠠᠮᠤᠭ ᠤᠨ ᠭᠤᠶᠤ ᠭᠡᠷ ᠪᠦᠯᠢ︾ ᠶᠢᠨ ᠲᠠᠭᠤᠷᠢᠶᠠᠯ ᠡᠷᠦᠭᠡ ᠪᠠᠷ ᠨᠡᠷᠡᠶᠢᠳᠦᠭᠳᠡᠵᠤ᠂ ᠸᠠᠩ ᠰᠢᠶᠣᠣ ᠶᠤᠸᠠᠨ ᠤ ᠬᠢᠨ ᠵᠡᠷᠭᠡ 100 ᠭᠡᠷ ᠪᠦᠯᠢ ᠶᠢᠨ ᠬᠢᠨ 2019 ᠣᠨ ᠤ ︽ᠬᠠᠮᠤᠭ ᠤᠨ ᠭᠤᠶᠣ ᠭᠡᠷ ᠪᠦᠯᠢ︾ ᠶᠢᠨ ᠢᠷᠠᠭᠤ ᠠᠯᠳᠠᠷ ᠢ ᠬᠦᠷᠳᠡᠪᠠ᠃      2018 ᠤᠨ ᠠᠴᠠ ᠨᠠᠭᠠᠰᠢ᠂ ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠶᠢᠨ ᠬᠢᠨ ᠪᠦᠬᠦ ᠬᠤᠲᠠ ᠶᠢᠨ ᠬᠡᠪᠴᠢᠶᠡᠨ ᠳᠤ ︽ᠬᠠᠮᠤᠭ ᠤᠨ ᠭᠤᠶᠣ ᠭᠡᠷ ᠪᠦᠯᠢ︾ ᠶᠢ ᠡᠷᠢᠬᠦ ᠠᠵᠢᠯᠯᠠᠭ᠎ᠠ ᠦᠷᠨᠢᠬᠦᠯᠵᠦ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠳᠠ ᠤᠯᠠᠨ ᠬᠠᠷᠠᠭᠠᠰᠤ ᠠᠴᠠ ᠭᠡᠷ ᠪᠦᠯᠢ ᠶᠢᠨ ᠨᠡᠶᠢᠲᠡᠯᠢᠭ ᠵᠢᠱᠢᠶᠡᠴᠢ ᠶᠢ ᠲᠤᠳᠤᠷᠠᠭᠤᠯᠵᠤ᠂ ᠲᠦᠭ ᠲᠦᠮᠡᠨ ᠭᠡᠷ ᠪᠦᠯᠢ ᠢᠳᠡᠪᠬᠢᠲᠡᠢ ᠣᠷᠣᠯᠴᠠᠵᠤ᠂ ᠭᠡᠷ ᠪᠦᠯᠢ ᠶᠢᠨ ᠦᠯᠢᠭᠡᠷ ᠢᠶᠠᠨ ᠶᠠᠷᠢᠬᠤ᠂ ᠭᠡᠷ ᠪᠦᠯᠢ ᠶᠢᠨ ᠵᠣᠯ ᠵᠢᠷᠭᠠᠯ ᠢᠶᠠᠨ ᠬᠤᠪᠢᠶᠠᠯᠴᠠᠬᠤ ᠪᠠᠷ ᠲᠠᠮᠵᠢᠨ᠂ ᠨᠢᠭᠡ ᠪᠦᠯᠦᠭ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠭᠰᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠷᠬᠢᠮᠯᠡᠭᠰᠡᠨ᠂ ᠰᠢᠨᠵᠢᠯᠡᠬᠦ ᠤᠬᠠᠭᠠᠨᠴᠢ ᠪᠠᠷ ᠦᠷ᠎ᠡ ᠬᠡᠤᠬᠡᠳ ᠢᠶᠠᠨ ᠬᠦᠮᠦᠵᠢᠬᠦᠯᠦᠭᠰᠡᠨ᠂ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠳᠡᠢ ᠤᠷᠤᠯᠴᠠᠭᠰᠠᠨ ᠲᠠᠭᠤᠷᠢᠶᠠᠯ ᠡᠷᠦᠬᠡ ᠶᠢ ᠢᠯᠡᠷᠡᠭᠦᠯᠪᠡ᠃ ᠡᠳᠡᠭᠡᠷ ᠭᠡᠷ ᠪᠦᠯᠢ ᠨᠢ ᠥᠪᠡᠷ ᠤᠨ ᠵᠢᠱᠢᠶᠡᠴᠢ ᠦᠢᠯᠡ ᠠᠵᠢᠯᠯᠠᠭ᠎ᠠ ᠪᠠᠷ ᠢᠶᠠᠨ ︽ᠬᠠᠮᠤᠭ ᠤᠨ ᠭᠤᠶᠤ ᠭᠡᠷ ᠪᠦᠯᠢ︾ ᠶᠢᠨ ᠦᠯᠢᠭᠡᠷ ᠢ ᠪᠢᠴᠢᠭᠯᠡᠵᠤ᠂ ᠪᠦᠬᠦ ᠨᠡᠶᠢᠭᠡᠮ ᠤᠨ ᠭᠡᠷ ᠪᠦᠯᠢ ᠶᠢᠨ ᠪᠤᠯᠪᠠᠰᠤᠨ ᠰᠢᠨ᠎ᠡ ᠰᠤᠷᠳᠠᠯ ᠢ ᠪᠤᠢ ᠪᠤᠯᠭᠠᠬᠤ ᠳᠤ ᠢᠳᠡᠪᠬᠢᠳᠡᠢ ᠦᠢᠯᠡᠳᠦᠯ ᠦᠵᠡᠬᠦᠯᠦᠭᠰᠡᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ