ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ ᠤᠨ ᠦᠵᠡᠭᠦᠯᠭᠡ
ᠨᠡᠶᠢᠲᠡᠯᠡᠭᠰᠡᠨ ᠴᠠᠭ᠄
2019/11/12
     ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ ᠤᠨ ᠦᠵᠡᠭᠦᠯᠭᠡ ᠡᠨᠡ ᠬᠡᠳᠦᠨ ᠡᠳᠦᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠭ ᠰᠠᠶᠢᠬᠠᠨ ᠶᠠᠪᠤᠭᠳᠠᠵᠤ ᠪᠠᠶᠢᠨ᠎ᠠ᠃ 11 ᠳ᠋ᠦ᠋ᠭᠡᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠲᠤᠰ ᠦᠵᠡᠭᠦᠯᠭᠡ ᠨᠢ ᠪᠦᠬᠦ ᠣᠷᠣᠨ ᠤ ᠡᠯ᠎ᠡ ᠭᠠᠵᠠᠷ ᠤᠨ ᠣᠨᠴᠠᠯᠢᠭ ᠢ ᠬᠠᠷᠠᠭᠤᠯᠤᠭᠰᠠᠨ ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ᠂ ᠡᠯᠧᠮᠧᠨ᠋ᠲ ᠢ ᠪᠠᠭᠲᠠᠭᠠᠭᠰᠠᠨ ᠠᠴᠠ ᠥᠷᠭᠡᠨ ᠣᠯᠠᠨ ᠦᠨᠳᠦᠰᠦᠲᠡᠨ ᠤ ᠬᠤᠪᠴᠠᠰᠤ ᠵᠠᠰᠠᠯ ᠤᠨ ᠵᠢᠷᠤᠭ ᠲᠥᠯᠥᠪᠯᠡᠭᠡᠴᠢ᠂ ᠦᠨᠳᠦᠰᠦᠲᠡᠨ ᠤ ᠰᠣᠶᠣᠯ ᠤᠨ ᠳᠠᠮᠵᠢᠭᠤᠯᠤᠭᠴᠢ ᠶᠢᠨ ᠠᠩᠬᠠᠷᠤᠯ ᠢ ᠲᠠᠲᠠᠨ ᠦᠵᠡᠭᠦᠯᠭᠡ ᠳᠤ ᠢᠷᠡᠭᠦᠯᠪᠡ᠃ ᠦᠵᠡᠭᠦᠯᠭᠡ ᠳᠤ ᠮᠠᠨ ᠤ ᠣᠷᠣᠨ ᠤ ᠳᠣᠲᠣᠷᠠᠬᠢ ᠮᠣᠩᠭᠤᠯ ᠦᠨᠳᠦᠰᠦᠲᠡᠨ ᠤ ᠠᠶᠢᠮᠠᠭ ᠪᠦᠯᠦᠭ ᠤᠨ ᠣᠷᠣᠰᠢᠨ ᠰᠠᠭᠤᠭ᠎ᠠ ᠭᠠᠵᠠᠷ ᠣᠷᠣᠨ ᠤ ᠣᠨᠴᠠᠯᠢᠭ ᠢ ᠦᠨᠳᠦᠰᠦᠯᠡᠨ  ᠣᠨᠴᠠᠯᠢᠭ ᠢᠶᠠᠷ ᠲᠣᠳᠣᠷᠬᠠᠢ ᠬᠤᠪᠴᠠᠰᠤ ᠵᠠᠰᠠᠯ ᠤᠨ ᠰᠣᠶᠣᠯ ᠤᠨ 6 ᠲᠣᠭᠤᠷᠢᠭ ᠭᠠᠷᠭᠠᠵᠤ᠂ ᠴᠢᠩ ᠤᠯᠤᠰ ᠤᠨ ᠦᠶ᠎ᠡ ᠠᠴᠠ ᠨᠠᠭᠠᠰᠢ ᠪᠦᠷᠢᠯᠳᠦᠭᠰᠡᠨ 28  ᠤᠭᠰᠠᠭ᠎ᠠ ᠶᠠᠰᠤᠳᠠᠨ ᠤ 95 ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠢ ᠳᠡᠯᠭᠡᠨ ᠦᠵᠡᠭᠦᠯᠵᠦ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ ᠤᠨ ᠤᠯᠠᠮᠵᠢᠯᠠᠯᠲᠤ ᠴᠢᠨᠠᠷ ᠪᠠ ᠣᠯᠠᠨ ᠶᠠᠩᠵᠤᠲᠤ ᠴᠢᠨᠠᠷ ᠢ ᠭᠦᠢᠴᠡᠳ ᠬᠠᠷᠠᠭᠤᠯᠵᠠᠢ᠃  ᠤᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠦᠵᠡᠭᠦᠯᠭᠡ ᠶᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠤᠷᠲᠤ ᠬᠤᠭᠤᠴᠠᠭ᠎ᠠ ᠪᠠᠷ ᠳᠡᠯᠭᠡᠨ ᠦᠵᠡᠭᠦᠯᠦᠨ᠎ᠡ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ