11 ᠳ᠋ᠦ᠋ᠭᠡᠷ ᠰᠠᠷ᠎ᠠ ᠶᠢᠨ 7 ᠤ ᠡᠳᠦᠷ᠂ ᠬᠦᠬᠡᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠡᠷᠬᠢᠯᠡᠭᠴᠢ ᠸᠠᠩ ᠭᠧᠨ ᠶᠦᠨ ᠭᠤᠷᠪᠠᠭᠤᠯᠠ ᠰᠢᠨ᠎ᠡ ᠬᠤᠲᠠ ᠲᠣᠭᠤᠷᠢᠭ ᠤᠨ 2019 | ᠣᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠳᠤ | ᠰᠢᠪᠠᠳᠠᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | | | | | | ᠰᠢᠪᠠᠳᠠᠨ ᠪᠠᠶᠢᠴᠠᠭᠠᠬᠤ ᠳᠤᠭᠤᠶᠢᠯᠠᠩ ᠰᠢᠨ᠎ᠡ ᠬᠤᠲᠠ ᠲᠣᠭᠤᠷᠢᠭ ᠤᠨ 2019 ᠣᠨ ᠤ ᠨᠠᠮᠤᠷ ᠤᠨ | ᠤᠯᠠᠷᠢᠯ ᠤᠨ ᠠᠮᠢᠲᠠᠨ ᠤ ᠬᠢᠵᠢᠭ ᠡᠪᠳᠴᠢᠨ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ | ᠬᠢᠵᠢᠭ ᠢ ᠰᠡᠷᠭᠡᠶᠢᠯᠡᠬᠦ ᠠᠬᠢᠴᠠ᠂ ᠸᠠᠺᠼᠢᠨ ᠤ ᠬᠠᠮᠢᠶᠠᠷᠤᠯᠲᠠ᠂ ᠬᠦᠢᠲᠡᠨ ᠢᠶᠠᠷ ᠬᠡᠯᠬᠢᠶᠡᠵᠢᠭᠦᠯᠬᠦ ᠪᠦᠲᠦᠭᠡᠨ | ᠪᠠᠶᠢᠭᠤᠯᠤᠯᠲᠠ᠂ ᠴᠠᠷᠤᠯᠲᠠ ᠶᠢᠨ ᠳᠡᠳ᠋ ᠤᠷᠪᠠᠯ ᠤᠨ ᠲᠤᠭ᠎ᠠ ᠬᠡᠮᠵᠢᠶ᠎ᠡ᠂ ᠬᠢᠵᠢᠭ ᠰᠡᠷᠭᠡᠶᠢᠯᠡᠭᠴᠢ ᠶᠢᠨ ᠪᠣᠯᠪᠠᠰᠤᠷᠠᠯ | ᠵᠢᠴᠢ ᠠᠷᠢᠭᠤᠳᠬᠠᠬᠤ ᠠᠵᠢᠯ ᠤᠨ ᠡᠯ᠎ᠡ ᠲᠠᠯ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ | ᠰᠣᠨᠣᠰᠪᠠ᠃ ᠡᠭᠦᠨ ᠤ ᠬᠠᠮᠲᠤ ᠴᠢᠩᠭᠢᠰ ᠬᠠᠭᠠᠨ ᠶᠡᠭᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠪᠤᠷᠤᠬᠤᠰᠢᠭᠤ ᠪᠠᠯᠭᠠᠰᠤᠨ ᠳᠤ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠯᠲᠠ ᠬᠢᠵᠦ᠂ ᠭᠠᠭ᠋ᠠᠶ᠂ | ᠦᠬᠡᠷ᠂ ᠬᠤᠨᠢ᠂ ᠳᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠶᠢ ᠨᠡᠶᠢᠲᠡ 10 ᠭᠠᠷᠤᠶ ᠡᠷᠦᠬᠡ ᠰᠤᠷᠪᠤᠯᠵᠢᠯᠠᠨ | ᠪᠠᠶᠢᠴᠠᠭᠠᠪᠠ᠃ | | | | | | | | | ᠰᠢᠪᠠᠳᠠᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠸᠠᠩ ᠭᠧᠨ ᠶᠦᠨ ᠰᠢᠨ᠎ᠡ ᠬᠤᠲᠠ ᠲᠤᠭᠤᠷᠢᠭ ᠤᠨ 2019 | ᠣᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠨᠤᠲᠠᠯᠠᠯᠲᠠ ᠬᠢᠵᠦ᠂ ᠰᠢᠨ᠎ᠡ | ᠬᠤᠲᠠ ᠲᠣᠭᠤᠷᠢᠭ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠢᠴᠢ ᠪᠡᠳᠡᠬᠢ ᠬᠤᠷᠤᠬᠠᠶᠢᠲᠤ | ᠡᠪᠡᠳᠴᠢᠨ ᠰᠡᠷᠭᠡᠶᠢᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ | ᠲᠠᠯ᠎ᠠ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠴᠠᠶ᠃ |