ᠴᠧᠨ ᠯᠢ ᠶᠢᠨ ᠪᠦᠬᠦ ᠰᠢᠶᠠᠨ ᠤ ᠰᠣᠷᠭᠠᠨ ᠬᠦᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-11-13
     ᠬᠠᠷᠢᠭᠤᠴᠠᠯᠭ᠎ᠠ ᠶᠢ ᠤᠯᠠᠨ ᠨᠢᠭᠡ ᠠᠯᠬᠤᠮ ᠪᠣᠲᠠᠲᠠᠶᠢᠵᠢᠭᠤᠯᠵᠣ᠂ ᠪᠦᠬᠦ ᠰᠢᠶᠠᠨ ᠤ ᠰᠣᠷᠭᠠᠨ ᠬᠦᠮᠦᠵᠢᠯ ᠤᠨ ᠠᠵᠢᠯ ᠤᠨ ᠥᠷᠨᠢᠭᠦᠯᠦᠯᠲᠡ ᠶᠢ ᠲᠦᠯᠬᠢᠨ ᠠᠬᠢᠭᠤᠯᠬᠤ ᠶᠢᠨ ᠲᠣᠰᠠᠳᠠ᠂11 ᠳ᠋ᠦ᠋ᠭᠡᠷ ᠰᠠᠷ᠎ᠠ ᠶᠢᠨ9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ419 ᠬᠤᠷᠠᠯ ᠤᠨ ᠭᠡᠷ ᠲᠤ ᠪᠦᠬᠦ ᠰᠢᠶᠠᠨ ᠤ ᠰᠣᠷᠭᠠᠨ ᠬᠦᠮᠦᠵᠢᠯ ᠤᠨ ᠠᠵᠢᠯ ᠤᠨ ᠲᠣᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠰᠢᠶᠠᠨ ᠤ ᠳᠡᠳ᠋ ᠳᠠᠷᠤᠭ᠎ᠠ ᠲᠣᠶᠠᠭ᠎ᠠ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠰᠣᠷᠭᠠᠨ ᠬᠦᠮᠦᠵᠢᠯ ᠤᠨ ᠲᠣᠪᠴᠢᠶ᠎ᠠ᠂ ᠴᠣᠷᠵᠢ ᠶᠢᠨ ᠠᠶᠢᠯ ᠪᠠᠯᠭᠠᠰᠣ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠰᠢᠶᠠᠩ ᠪᠠᠯᠭᠠᠰᠤ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠰᠣᠷᠭᠠᠨ ᠬᠦᠮᠦᠵᠢᠯ ᠤᠨ ᠬᠠᠷᠢᠭᠤᠴᠠᠯᠭᠠᠲᠠᠨ ᠪᠦᠬᠦ ᠰᠢᠶᠠᠨ ᠤ ᠰᠣᠷᠭᠠᠨ ᠬᠦᠮᠦᠵᠢᠯ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃      ᠴᠧᠨ ᠯᠢ ᠶᠢᠨ ᠵᠢᠭᠠᠵᠣ ᠭᠠᠷᠭᠠᠭᠰᠠᠨ ᠨᠢ᠂ ᠰᠣᠷᠭᠠᠨ ᠬᠦᠮᠦᠵᠢᠯ ᠤᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠳᠠᠷᠠᠭ᠎ᠠ ᠵᠢᠯ ᠡᠯ᠎ᠡ ᠪᠠᠭ᠎ᠠ ᠰᠣᠷᠭᠠᠭᠤᠯᠢ᠂ ᠬᠡᠥᠬᠡᠳ ᠤᠨ ᠴᠡᠴᠡᠷᠯᠢᠭ ᠤᠨ ᠬᠡᠪ ᠤᠨ ᠶᠣᠰᠣᠭᠠᠷ ᠰᠣᠷᠭᠠᠭᠤᠯᠢ ᠡᠬᠢᠯᠡᠬᠦ ᠶᠢ ᠪᠠᠲᠣᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠬᠠᠷᠢᠭᠤᠴᠠᠬᠤ ᠰᠠᠯᠠᠭ᠎ᠠ ᠮᠦᠴᠢᠷ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠳᠡᠭᠡᠳᠦ ᠱᠠᠲᠣᠨ ᠤ ᠱᠠᠭᠠᠷᠳᠠᠯᠭ᠎ᠠ ᠪᠣᠯᠣᠨ ᠮᠠᠨ ᠤ ᠰᠢᠶᠠᠨ ᠤ ᠲᠣᠭᠲᠠᠭᠠᠭᠰᠠᠨ ᠪᠦᠲᠦᠭᠡᠨ ᠪᠠᠶᠢᠭᠤᠯᠣᠯᠲᠠ ᠶᠢᠨ ᠬᠠᠷᠠᠯᠲᠠ ᠲᠠᠢ ᠬᠠᠷᠭᠤᠭᠤᠯᠵᠤ᠂ ᠴᠠᠭ ᠤᠨ ᠤᠬᠠᠮᠰᠠᠷ ᠪᠠᠨ ᠴᠢᠩᠭᠠᠳᠬᠠᠵᠣ᠂ ᠦᠢᠯᠡ ᠠᠵᠢᠯᠯᠠᠭ᠎ᠠ ᠪᠠᠨ ᠲᠦᠷᠭᠡᠰᠬᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ︔ ᠬᠡᠥᠬᠡᠳ ᠤᠨ ᠴᠡᠴᠡᠷᠯᠢᠭ ᠤᠨ ᠢᠵᠢ ᠪᠦᠷᠢᠳᠦᠭᠰᠡᠨ ᠪᠦᠲᠦᠭᠡᠨ ᠪᠠᠶᠢᠭᠤᠯᠣᠯᠲᠠ ᠶᠢᠨ ᠠᠵᠢᠯ ᠢ ᠰᠠᠶᠢᠲᠣᠷ ᠬᠢᠵᠦ᠂ ᠰᠢᠨ᠎ᠡ ᠪᠠᠷ ᠪᠠᠶᠢᠭᠤᠯᠣᠭᠰᠠᠨ ᠬᠡᠥᠬᠡᠳ ᠤᠨ ᠴᠡᠴᠡᠷᠯᠢᠭ ᠢ ᠠᠯᠢ ᠲᠦᠷᠭᠡᠨ ᠢᠶᠠᠷ ᠬᠡᠷᠡᠭᠯᠡᠯᠲᠡ ᠳᠤ ᠣᠷᠣᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠵᠣᠬᠢᠴᠠᠭᠤᠯᠣᠯᠲᠠ ᠬᠠᠮᠵᠢᠯᠴᠠᠭ᠎ᠠ ᠪᠠᠨ ᠴᠢᠩᠭᠠᠳᠬᠠᠵᠣ᠂ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠬᠤ ᠯᠤᠲᠤ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠢᠨᠵᠧᠨᠧᠷᠢᠩ ᠤᠨ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠵᠣ᠂ ᠢᠨᠵᠧᠨᠧᠷᠢᠩ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠣᠰᠣᠭᠠᠷ᠂ ᠮᠠᠲ᠋ᠧᠷᠢᠶᠠᠯ ᠤᠨ ᠴᠢᠨᠠᠷ ᠴᠢᠨᠰᠠᠭ᠎ᠠ᠂ ᠬᠤᠳᠠᠯᠳᠣᠨ ᠠᠪᠬᠤ᠂ ᠪᠠᠷᠢᠯᠭ᠎ᠠ ᠬᠢᠬᠦ ᠪᠠ ᠬᠢᠨᠠᠨ ᠰᠢᠯᠭᠠᠵᠣ ᠠᠪᠬᠤ ᠵᠡᠷᠭᠡ ᠪᠣᠭᠤᠮᠲᠠ ᠶᠢ ᠴᠢᠩᠭ᠎ᠠ ᠠᠳᠬᠤᠵᠤ᠂ ᠢᠯᠡᠷᠡᠭᠦᠯᠦᠭᠰᠡᠨ ᠠᠶᠣᠯᠭᠦᠢ ᠶᠢᠨ ᠳᠠᠯᠳᠠ ᠭᠡᠮ ᠰᠣᠭᠤᠭ ᠢ ᠴᠠᠭ ᠲᠣᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠰᠣᠷᠭᠠᠭᠤᠯᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠷᠠᠭᠤᠯᠵᠤ᠂ ᠰᠣᠷᠭᠠᠨ ᠬᠦᠮᠦᠵᠢᠯ ᠤᠨ ᠵᠢᠭᠠᠨ ᠰᠣᠷᠭᠠᠬᠤ ᠣᠷᠴᠢᠨ ᠲᠣᠭᠤᠷᠢᠨ ᠢ ᠰᠠᠶᠢᠵᠢᠷᠠᠭᠤᠯᠣᠨ᠂ ᠰᠣᠷᠭᠠᠭᠤᠯᠢ ᠶᠢᠨ ᠲᠡᠷᠭᠡ ᠶᠢ ᠬᠡᠷᠡᠭᠯᠡᠬᠦ ᠬᠠᠮᠢᠶᠠᠷᠣᠯᠲᠠ ᠶᠢᠨ ᠳᠦᠷᠢᠮ ᠢ ᠲᠣᠭᠲᠠᠭᠠᠵᠣ᠂ ᠪᠠᠭᠰᠢ ᠰᠣᠷᠣᠭᠴᠢᠳ ᠤᠨ ᠭᠠᠳᠠᠭᠰᠢ ᠭᠠᠷᠬᠤ ᠠᠮᠣᠷ ᠲᠥᠪᠰᠢᠨ ᠢ ᠪᠠᠲᠣᠯᠠᠬᠤ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号