| | | 11ᠰᠠᠷ᠎ᠠ ᠶᠢᠨ 7 ᠤ ᠡᠳᠦᠷ᠂ ᠲᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠰᠤᠶᠤᠯ ᠢ ᠪᠠᠳᠠᠷᠠᠭᠤᠯᠵᠥ | ᠂ ᠰᠤᠶᠤᠯ ᠪᠤᠯᠤᠨ ᠵᠢᠭᠤᠯᠴᠢᠯᠠᠯ ᠤᠨ ᠠᠵᠥ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠶᠢᠨ ᠲᠦᠯᠥᠬᠡ᠂ | ᠦᠪᠡᠷᠳᠡᠭᠡᠨ ᠵᠠᠰᠠᠬᠤ ᠤᠷᠤᠨ ᠤ ᠰᠤᠶᠤᠯ ᠪᠤᠯᠤᠨ ᠵᠢᠭᠤᠯᠴᠢᠯᠠᠯ ᠤᠨ ᠲᠢᠩᠬᠢᠮ ᠤᠨ ᠭᠤᠤᠯᠯᠠᠨ ᠡᠷᠬᠢᠯᠡᠭᠰᠡᠡ ︽ | 2019 ᠦᠪᠤᠷ ᠮᠤᠩᠭᠤᠯ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾ ᠦᠪᠤᠷ ᠮᠤᠩᠭᠤᠯ ᠤᠨ | ᠦᠵᠡᠰᠬᠦᠯᠡᠩ ᠤᠨ ᠤᠷᠳᠤᠨ ᠳᠤ ᠶᠠᠪᠤᠭᠳᠠᠪᠠ᠃ ᠤᠷᠤᠯᠳᠤᠭᠠᠨ ᠨᠢ ᠦᠪᠯᠡᠨ ᠤᠯᠠᠮᠵᠢᠯᠠᠬᠤ᠂ ᠰᠢᠨ᠎ᠡ ᠶᠢ ᠡᠬᠦᠳᠬᠦ᠂ | ᠪᠤᠬᠢᠷᠳᠤᠯ ᠦᠬᠡᠢ ᠪᠠᠶᠢᠬᠤ᠂ ᠬᠠᠮᠳᠤ ᠪᠠᠷ ᠡᠳ᠋ᠯᠡᠬᠦ ᠪᠠᠷ ᠭᠤᠤᠯ ᠰᠡᠳᠤᠪ ᠪᠤᠯᠭᠠᠵᠥ᠂ ᠠᠷᠪᠠᠨ ᠲᠠᠪᠤᠨ ᠲᠦᠷᠦᠯ ᠤᠨ | 2700 ᠭᠠᠷᠤᠢ ᠵᠦᠢᠯ ᠤᠨ ᠤᠷᠤᠯᠳᠤᠭᠠᠨ ᠳᠤ ᠤᠷᠤᠯᠴᠠᠭᠰᠠᠠ ᠪᠦᠳᠦᠬᠡᠯ ᠪᠤᠯᠤᠨ ᠰᠢᠨ᠎ᠡ ᠡᠬᠦᠳᠦᠯᠳᠡ ᠶᠢᠨ | ᠪᠦᠳᠦᠬᠡᠯ ᠳᠤ ᠰᠢᠯᠭᠠᠷᠠᠭᠤᠯᠤᠯᠳᠡ ᠬᠢᠵᠠᠢ᠂ ᠲᠤᠬᠠᠢ ᠶᠢᠨ ᠲᠠᠯᠠᠪᠠᠢ ᠳᠤ ᠡᠯ᠎ᠡ ᠠᠶᠢᠮᠠᠭ ᠬᠤᠳᠠ ᠶᠢᠨ | ᠦᠵᠡᠰᠬᠦᠯᠡᠩ ᠤᠨ ᠲᠤᠭᠤᠷᠢᠭ ᠭᠠᠷᠭᠠᠵᠥ᠂ 200 ᠰᠤᠶᠤᠯ ᠪᠤᠯᠤᠨ ᠵᠢᠭᠤᠯᠴᠢᠯᠠᠯ ᠤᠨ ᠠᠵᠥ ᠠᠬᠤᠢᠢᠯᠠᠯ ᠨᠡᠶᠢᠳᠡ | 10000 ᠭᠠᠷᠤᠢ ᠵᠦᠢᠯ ᠤᠨ ᠦᠢᠯᠡᠳᠬᠦᠨ ᠢ ᠲᠡᠯᠬᠡᠨ ᠦᠵᠡᠬᠦᠯᠵᠡᠢ᠂ ᠦᠵᠡᠰᠬᠦᠯᠡᠩ ᠨᠢ 4 ᠡᠳᠤᠷ ᠶᠠᠪᠤᠭᠳᠠᠵᠠᠢ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠯᠧᠢ ᠴᠢᠩ ᠶᠢᠩ ᠵᠢᠶᠦ᠋ᠨ ᠰᠡᠭᠦᠳᠡᠷᠯᠡᠪᠡ |